ᠪᠦᠬᠡᠪᠠᠶᠠᠷ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/7
     6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠭᠤᠸᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠦ ᠰᠢᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠲᠧᠯᠸᠢᠰ ᠬᠤᠷᠠᠯ ᠲᠡᠭᠦᠰᠦᠭᠰᠡᠨ ᠤ ᠲᠠᠷᠠᠭ᠎ᠠ᠂ ᠪᠥᠬᠡᠪᠠᠶᠠᠷ ᠲᠡᠷᠡ ᠳᠠᠷᠤᠢ ᠳᠤᠨᠢ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠱᠠᠲᠤᠨ ᠤ ᠭᠤᠣᠯᠳᠠᠯᠭ᠎ᠠ ᠲᠠᠢ ᠠᠵᠢᠯ ᠢ ᠲᠠᠬᠢᠨ ᠱᠠᠯᠠᠪᠳᠠᠭᠤᠯᠵᠤ᠂ ᠲᠠᠬᠢᠨ ᠪᠠᠶᠢᠷᠢᠯᠠᠭᠤᠯᠪᠠ᠃      ᠬᠤᠷᠠᠯ ᠳᠤ᠂ ᠪᠥᠬᠡᠪᠠᠶᠠᠷ ᠣᠳᠣᠬᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠪᠣᠭᠳᠠᠠᠭᠤᠯᠠ ᠶᠢᠨ ᠠᠷᠠᠳ ᠤᠨ ᠵᠠᠩ ᠦᠢᠯᠡ ᠶᠢᠨ ᠠᠵᠢᠯᠯᠠᠭ᠎ᠠ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠭᠠᠵᠠᠷ ᠰᠣᠩᠭᠤᠯᠲᠠ᠂ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠢᠴᠢ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠪᠤᠯᠠᠬᠤ ᠲᠠᠯᠠᠪᠠᠢ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠥᠬᠡᠪᠠᠶᠠᠷ᠂ ᠠᠵᠤ ᠠᠬᠤᠢ ᠶᠢᠨ ᠰᠠᠯᠠᠭ᠎ᠠ ᠮᠥᠴᠢᠷ ᠤᠳ ᠠᠵᠤ ᠠᠬᠤᠢ ᠶᠢᠨ ᠠᠵᠢᠯᠯᠠᠭᠠᠨ ᠤ ᠭᠦᠢᠴᠡᠳᠬᠡᠬᠦ ᠲᠤᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠣᠭᠲᠠᠭᠤᠨ ᠢᠶᠠᠷ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠣᠩᠬᠤᠪᠴᠢ ᠶᠢᠨ ᠠᠵᠠ ᠲᠣᠬᠢᠶᠠᠯ ᠢ ᠠᠮᠵᠢᠨ᠂ ᠪᠣᠯᠣᠮᠵᠢᠲᠤ ᠲᠦᠷᠦᠯ ᠵᠦᠢᠯ ᠢ ᠲᠠᠬᠢᠨ ᠲᠥᠯᠥᠪᠵᠢᠭᠦᠯᠵᠦ ᠲᠠᠬᠢᠨ ᠨᠥᠭᠡᠴᠡᠯᠡᠵᠦ᠂ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠵᠤ᠂ ᠰᠦᠯᠵᠢᠶᠡᠨ ᠠᠴᠠ ᠭᠠᠳᠠᠨᠠᠬᠢ ᠦᠢᠯᠡᠴᠢᠯᠡᠭᠡᠨ ᠤ ᠪᠦᠬᠦ ᠶᠠᠪᠤᠴᠠ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠂ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠴᠢᠩᠭᠡᠯᠢᠭ ᠡᠮᠨᠡᠯᠭᠡ ᠶᠢᠨ ᠬᠤᠷᠢᠶᠠᠨ ᠤ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠪᠠᠶᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ︽ᠴᠢᠳᠠᠪᠤᠷᠢᠲᠠᠨ ᠣᠷᠣᠭᠤᠯᠬᠤ︾ ︽ᠡᠯᠰᠡᠨ ᠬᠡᠷᠡᠭᠯᠡᠬᠦ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠬᠢᠵᠢᠭ ᠢ ᠰᠡᠷᠭᠡᠶᠢᠯᠡᠬᠦ ᠰᠢᠯᠢᠳᠡᠭ ᠠᠵᠢᠯᠲᠠᠳ ᠢ ᠪᠦᠬᠦ ᠬᠦᠴᠦᠨ ᠢᠶᠠᠷ ᠢᠶᠠᠨ ᠨᠥᠭᠡᠴᠡᠯᠡᠵᠦ᠂ ᠡᠮᠴᠢᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠦᠷᠭᠡᠳᠬᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠵᠠᠷᠴᠢᠮ ᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠠᠷᠭ᠎ᠠ ᠶᠢ ᠨᠠᠷᠢᠯᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠳᠡᠯ ᠭᠠᠷᠬᠤ ᠶᠢ ᠬᠤᠷᠢᠭᠯᠠᠬᠤ ᠬᠡᠷᠡᠭᠲᠡᠢ᠃ ︽ᠳᠠᠷᠤᠭᠳᠠᠮᠠᠯ ᠬᠡᠷᠡᠭ ᠢ ᠠᠷᠢᠯᠭᠠᠬᠤ᠂ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢ ᠴᠡᠭᠴᠡᠯᠡᠨ ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠪᠠᠬᠢᠯᠡᠯᠲᠡ ᠰᠢᠪᠲᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ ᠳᠠᠭᠤᠰᠬᠠᠬᠤ ᠠᠵᠢᠯ ᠢ ᠥᠨᠳᠥᠷ ᠪᠠᠷᠢᠮᠵᠢᠶ᠎ᠠ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠵᠢᠴᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠬᠢᠬᠦ ᠬᠡᠷᠡᠭᠲᠡᠢ᠃ ᠬᠠᠮᠲᠤᠷᠠᠨ ᠬᠥᠳᠡᠯᠦᠯᠴᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯ ᠤᠨ ᠵᠠᠮ᠂ ᠬᠠᠰᠢᠯᠭ᠎ᠠ ᠳᠠᠯᠠᠩ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠬᠢᠯᠢ ᠶᠢᠨ ᠭᠠᠳᠠᠨᠠᠬᠢ ᠭᠠᠯ ᠢ ᠬᠠᠰᠢᠵᠤ ᠬᠤᠷᠢᠭᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠪᠥᠬᠡᠪᠠᠶᠠᠷ ᠪᠠᠰᠠ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠬᠥᠮᠥᠨ ᠢᠶᠠᠷ ᠦᠨᠳᠦᠰᠦ ᠪᠣᠯᠭᠠᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号