ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2022 ᠣᠨ ᠤ ︽ᠨᠢᠳᠦ ᠪᠠᠨ ᠬᠠᠶᠢᠷᠠᠯᠠᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/6/7
ᠡᠯ᠎ᠡ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠲᠤ᠄      ︽ᠨᠢᠳᠦ ᠪᠠᠨ ᠬᠠᠶᠢᠷᠠᠯᠠᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠮᠡᠳᠡᠭᠳᠡᠯ ︵ᠬᠦᠯᠦᠨ ᠤᠯᠠᠭᠠᠨ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ︶ ᠤᠨ ᠵᠣᠷᠢᠭ ᠰᠠᠨᠠᠭ᠎ᠠ ᠶᠣᠰᠣᠭᠠᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠨᠢᠳᠦ ᠪᠠᠨ ᠬᠠᠶᠢᠷᠠᠯᠠᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠮᠠᠨ ᠤ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠴᠠᠭᠠᠨ ᠬᠠᠷᠠᠩ᠂ ᠳᠠᠯᠠᠪᠴᠢᠯᠢᠭ ᠨᠠᠯᠢᠬ᠎ᠠ ᠡᠪᠡᠳᠴᠢᠲᠡᠨ ᠳᠤ ᠰᠢᠭᠰᠢᠨ ᠪᠠᠶᠢᠴᠠᠭᠠᠯᠲᠠ ᠬᠢᠬᠦ ᠪᠠ ᠮᠡᠰᠡ ᠵᠠᠰᠠᠯ ᠬᠢᠬᠦ ᠦᠢᠯᠡᠴᠢᠯᠡᠭᠡ ᠬᠠᠩᠭᠠᠨ᠎ᠠ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠨᠡᠷ᠎ᠡ ᠮᠡᠳᠡᠭᠦᠯᠬᠦ ᠴᠠᠭ᠄ 2022 ᠣᠨ ᠤ 6 ᠰᠠᠷ᠎ᠠ ᠶᠢᠨ 6 ᠤ ᠡᠳᠦᠷ ︱ 2022 ᠣᠨ ᠤ 6 ᠰᠠᠷ᠎ᠠ ᠶᠢᠨ 22 ᠤᠨ ᠡᠳᠦᠷ ᠪᠣᠯᠲᠠᠯ᠎ᠠ ᠨᠡᠷ᠎ᠡ ᠮᠡᠳᠡᠭᠦᠯᠵᠦ ᠳᠠᠩᠰᠠᠯᠠᠭᠤᠯᠤᠨ᠎ᠠ᠃      ᠬᠤᠶᠠᠷ᠂ ᠨᠡᠷ᠎ᠡ ᠮᠡᠳᠡᠭᠦᠯᠬᠦ ᠭᠠᠵᠠᠷ᠄ ᠨᠢᠳᠦᠨ ᠤ ᠡᠪᠡᠳᠴᠢᠨ ᠢᠶᠠᠨ ᠰᠢᠭᠰᠢᠨ ᠪᠠᠶᠢᠴᠠᠭᠠᠬᠤ ᠴᠢᠬᠤᠯᠠ ᠲᠠᠢ ᠬᠥᠮᠥᠨ ᠡᠷᠦᠬᠡ ᠠᠮᠠ ᠶᠢᠨ ᠪᠠᠶᠢᠭ᠎ᠠ ᠭᠠᠴᠠᠭ᠎ᠠ᠂ ᠨᠡᠶᠢᠭᠡᠮ ᠲᠣᠭᠤᠷᠢᠭ ᠲᠤ ᠬᠦᠷᠴᠦ ᠨᠡᠷ᠎ᠡ ᠪᠠᠨ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠬᠤᠷᠢᠶᠠᠩᠭᠤᠶᠢᠯᠠᠵᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠮᠡᠳᠡᠭᠦᠯᠦᠨ᠎ᠡ᠃ ︵ᠰᠢᠭᠰᠢᠨ ᠪᠠᠶᠢᠴᠠᠭᠠᠬᠤ ᠵᠢᠴᠢ ᠮᠡᠰᠡ ᠵᠠᠰᠠᠯ ᠬᠢᠬᠦ ᠴᠠᠭ ᠢ ᠠᠰ ᠲᠤᠨᠢ ᠮᠡᠳᠡᠭᠳᠡᠨ᠎ᠡ︶      ᠠᠰᠠᠭᠤᠨ ᠯᠠᠪᠯᠠᠬᠤ ᠤᠲᠠᠰᠤ᠄ 0470—6406080                        ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ                                     2022 ᠣᠨ ᠤ 6 ᠰᠠᠷ᠎ᠠ ᠶᠢᠨ 6 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号