ᠸᠠᠩ ᠯᠢ ᠰᠢᠶᠠ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠸᠢᠳᠢᠣ᠋ ᠪᠠᠷ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/6/8
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ 6 ᠰᠠᠷ᠎ᠠ ᠶᠢᠨ 6 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠣ᠋ ᠪᠠᠷ ᠬᠤᠯᠪᠤᠭᠳᠠᠬᠤ ᠬᠡᠯᠪᠡᠷᠢ ᠪᠠᠷ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠲᠠᠬᠢᠨ ᠲᠤᠬᠢᠷᠠᠭᠤᠯᠤᠯᠲᠠ ᠬᠢᠵᠦ᠂ ᠲᠠᠬᠢᠨ ᠪᠠᠶᠢᠷᠢᠯᠠᠭᠤᠯᠪᠠ᠃       ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠷᠬᠡᠪᠰᠢ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠶᠡᠭᠡ ᠴᠡᠷᠢᠭ ᠢᠶᠠᠷ ᠪᠦᠰᠡᠯᠡᠨ ᠤᠰᠠᠳᠬᠠᠯᠲᠠ ᠬᠢᠵᠦ᠂ ᠲᠦᠷᠭᠡᠨ ᠬᠦᠳᠡᠯᠦᠯᠴᠡᠵᠦ ᠲᠦᠷᠭᠡᠨ ᠲᠠᠷᠬᠠᠨ ᠲᠡᠯᠭᠡᠷᠡᠵᠦ ᠪᠠᠶᠢᠭ᠎ᠠ ᠬᠢᠵᠢᠭ ᠤᠨ ᠪᠠᠶᠢᠳᠠᠯ ᠢ ᠠᠷᠢᠯᠭᠠᠵᠤ᠂ ︽ᠪᠦᠭᠡᠰᠦᠨ ᠳᠤ ᠬᠢᠲᠤᠭ᠎ᠠ ᠭᠠᠷᠭᠠᠵᠤ︾᠂ ᠬᠢᠵᠢᠭ ᠤᠨ ᠪᠠᠶᠢᠳᠠᠯ ᠤᠨ ᠳᠠᠷᠬᠠᠵᠦ ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠭᠡᠵᠡᠢ᠃      ᠸᠠᠩ ᠯᠢ ᠰᠢᠶᠠ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠷᠬᠡᠪᠰᠢ ᠪᠣᠳᠠᠲᠠᠶᠢᠵᠢᠭᠤᠯᠵᠤ᠂ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠤᠶᠢᠯᠠᠭᠠᠨ ᠦᠪᠡᠷᠮᠢᠴᠡ ᠦᠢᠯᠡᠴᠢᠯᠡᠭᠡ ᠬᠠᠩᠭᠠᠵᠤ᠂ ᠪᠠᠶᠢᠴᠠᠭᠠᠬᠤ ᠶᠤᠰᠤᠲᠠᠢ ᠶᠢ ᠨᠢ ᠪᠦᠬᠦᠨ ᠢ ᠪᠠᠶᠢᠴᠠᠭᠠᠵᠤ᠂ ᠤᠷᠢᠳ ᠢᠶᠠᠷ ᠬᠤᠯᠢᠮᠠᠭ ᠪᠠᠶᠢᠴᠠᠭᠠᠯᠲᠠ ᠬᠢᠵᠦ ᠳᠠᠷᠠᠭ᠎ᠠ ᠨᠢ ᠭᠠᠭᠴᠠ ᠬᠦᠮᠦᠨ ᠤ ᠪᠠᠶᠢᠴᠠᠭᠠᠯᠲᠠ ᠬᠢᠵᠦ᠂ ᠠᠪᠤᠭᠰᠠᠨ ᠦᠯᠢᠭᠡᠷ ᠢᠶᠠᠨ ᠲᠠᠷᠤᠢ ᠲᠦᠷᠭᠡᠨ ᠬᠦᠷᠭᠡᠵᠦ᠂ ᠲᠤᠰᠬᠠᠶ ᠬᠥᠮᠦᠨ ᠢᠶᠠᠷ ᠬᠢᠨᠠᠨ ᠬᠠᠮᠢᠶᠠᠷᠤᠭᠤᠯᠵᠤ᠂ ᠨᠢᠭᠡ ᠠᠷᠭ᠎ᠠ ᠴᠢᠨᠠᠷ ᠢᠯᠡᠷᠡᠪᠡᠯ ᠨᠢᠭᠡ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠰᠤᠷᠪᠤᠯᠵᠢ ᠶᠢ ᠮᠦᠷᠳᠡᠨ᠂ ᠨᠢᠭᠡ ᠠᠷᠭ᠎ᠠ ᠴᠢᠨᠠᠷ ᠢᠯᠡᠷᠡᠪᠡᠯ ᠨᠢᠭᠡ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠶ᠃ ᠲᠤᠰᠠᠭᠠᠷᠯᠠᠨ ᠬᠠᠮᠢᠶᠠᠷᠤᠨ ᠡᠵᠡᠮᠳᠡᠬᠦ ᠶᠢ ᠡᠷᠬᠡᠪᠰᠢ ᠪᠣᠳᠠᠲᠠᠶᠢᠵᠢᠭᠤᠯᠵᠤ᠂ ᠭᠡᠷ ᠪᠠᠶᠢᠰᠢᠩ ᠤᠷᠤᠨ ᠰᠠᠭᠤᠴᠠ ᠶᠢ ᠠᠯᠢ ᠴᠢᠳᠠᠬᠤ ᠪᠠᠷ ᠡᠷᠢᠨ ᠤᠯᠵᠤ᠂ ᠣᠯᠵᠤ ᠮᠡᠳᠡᠭᠰᠡᠨ ᠨᠢᠭᠲᠠ ᠤᠶᠢᠷᠠᠳᠤᠭᠴᠢ᠂ ᠲᠠᠮ ᠤᠶᠢᠷᠠᠳᠤᠭᠴᠢ ᠶᠢ ᠲᠤᠰᠠᠭᠠᠷᠯᠠᠬᠤ ᠶᠤᠰᠤᠲᠠᠢ ᠶᠢ ᠨᠢ ᠪᠦᠬᠦᠨ ᠢ ᠲᠤᠰᠠᠭᠠᠷᠯᠠᠬᠤ ᠬᠡᠷᠡᠭᠲᠡᠢ᠃ ᠨᠡᠶᠢᠭᠡᠮ ᠲᠡᠭᠡᠷᠡᠬᠢ ᠬᠠᠮᠢᠶᠠᠷᠤᠯᠲᠠ ᠡᠵᠡᠮᠳᠡᠯ ᠢ ᠡᠷᠬᠡᠪᠰᠢ ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠬᠠᠮᠢᠶᠠᠷᠤᠯᠲᠠ ᠪᠠ ᠦᠢᠯᠡᠴᠢᠯᠡᠭᠡ ᠶᠢ ᠰᠠᠶᠢᠲᠤᠷ ᠬᠢᠵᠦ᠂ ᠪᠢᠲᠡᠭᠦᠮᠵᠢᠯᠡᠨ ᠡᠵᠡᠮᠳᠡᠬᠦ ᠣᠷᠣᠨ ᠳᠤ ᠭᠡᠷ ᠠᠴᠠ ᠪᠠᠨ ᠭᠠᠷᠬᠤ ᠦᠭᠡᠢ᠂ ᠬᠠᠮᠢᠶᠠᠷᠤᠨ ᠡᠵᠡᠮᠳᠡᠬᠦ ᠣᠷᠣᠨ ᠳᠤ ᠰᠠᠭᠤᠭᠠᠯᠢ ᠠᠷᠠᠳ ᠤᠨ ᠲᠤᠭᠤᠷᠢᠭ ᠠᠴᠠ ᠪᠠᠨ ᠭᠠᠷᠬᠤ ᠦᠭᠡᠢ ᠪᠠᠶᠢᠬᠤ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠬᠡᠪᠰᠢ ᠪᠣᠳᠠᠲᠠᠶᠢᠵᠢᠭᠤᠯᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠴᠢᠩᠭᠡᠯᠢᠭ ᠡᠮᠨᠡᠯᠭᠡ ᠶᠢᠨ ᠬᠤᠷᠢᠶ᠎ᠠ ᠶᠢ ᠴᠢᠩᠭ᠎ᠠ ᠠᠩᠬᠠᠷᠴᠤ᠂ ᠲᠤᠰᠬᠠᠶ ᠮᠡᠷᠭᠡᠵᠢᠯᠲᠡᠨ ᠲᠣᠬᠢᠷᠠᠭᠤᠯᠤᠨ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠣᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠡᠭᠦᠰᠭᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠢᠭᠤᠳᠬᠠᠨ ᠴᠡᠪᠡᠷᠯᠡᠬᠦ ᠠᠵᠢᠯ ᠢ ᠡᠷᠬᠡᠪᠰᠢ ᠪᠣᠳᠠᠲᠠᠶᠢᠵᠢᠭᠤᠯᠵᠤ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠭᠠᠷᠤᠭᠰᠠᠨ ᠣᠷᠣᠨ ᠢ ᠲᠡᠷᠡ ᠲᠠᠷᠤᠢ ᠳᠤᠨᠢ ᠲᠤᠰᠠᠭᠠᠷᠯᠠᠵᠤ᠂ ᠲᠡᠷᠡ ᠲᠠᠷᠤᠢ ᠳᠤᠨᠢ ᠰᠢᠯᠵᠢᠭᠦᠯᠦᠨ ᠵᠥᠭᠡᠭᠡᠪᠦᠷᠢᠯᠡᠵᠦ᠂ ᠲᠡᠷᠡ ᠲᠠᠷᠤᠢ ᠳᠤᠨᠢ ᠠᠷᠢᠭᠤᠳᠬᠠᠵᠤ᠂ ᠰᠢᠨ᠎ᠡ ᠬᠠᠯᠳᠠᠪᠤᠷᠢᠯᠠᠬᠤ ᠴᠡᠭ ᠡᠭᠦᠰᠭᠦ ᠶᠢ ᠰᠡᠷᠭᠡᠶᠢᠯᠡᠬᠦ ᠬᠡᠷᠡᠭᠲᠡᠶ᠃ ᠰᠢᠯᠵᠢᠭᠦᠯᠦᠨ ᠵᠥᠭᠡᠭᠡᠪᠦᠷᠢᠯᠡᠬᠦ ᠠᠮᠤᠷ ᠲᠦᠪᠰᠢᠨ ᠢ ᠡᠷᠬᠡᠪᠰᠢ ᠪᠣᠳᠠᠲᠠᠶᠢᠵᠢᠭᠤᠯᠵᠤ᠂ ᠬᠥᠮᠦᠰ ᠢ ᠰᠢᠯᠵᠢᠭᠦᠯᠦᠨ ᠵᠥᠭᠡᠭᠡᠪᠦᠷᠢᠯᠡᠬᠦ ᠶᠢ ᠨᠠᠷᠢᠨ ᠨᠢᠮᠪᠠᠶ ᠰᠠᠶᠢᠲᠤᠷ ᠬᠢᠵᠦ᠂ ᠰᠢᠯᠵᠢᠭᠦᠯᠦᠨ ᠵᠥᠭᠡᠭᠡᠪᠦᠷᠢᠯᠡᠬᠦ ᠳᠤ ᠣᠷᠣᠯᠴᠠᠬᠤ ᠬᠥᠮᠦᠰ ᠲᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠦᠶ᠋ᠯᠡᠴᠢᠯᠡᠭᠡᠨ ᠤ ᠪᠠᠲᠤᠯᠠᠭ᠎ᠠ ᠶᠢ ᠡᠷᠬᠡᠪᠰᠢ ᠪᠣᠳᠠᠲᠠᠶᠢᠵᠢᠭᠤᠯᠵᠤ᠂ ᠡᠷᠢᠶᠡᠨ ᠬᠤᠲᠠ ᠶᠢᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠢᠯᠠᠩᠭᠤᠶ᠎ᠠ ᠪᠠᠴᠢᠮ ᠬᠦᠨᠳᠦ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠤᠬᠠᠭᠤᠯᠭ᠎ᠠ ᠵᠢᠯᠤᠭᠤᠳᠤᠯᠭ᠎ᠠ ᠶᠢ ᠡᠷᠬᠡᠪᠰᠢ ᠪᠤᠲᠠᠲᠠᠶᠢᠵᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠵᠥᠪ ᠲᠠᠯ᠎ᠠ ᠠᠴᠠ ᠬᠠᠷᠢᠭᠤᠯᠲᠠ ᠥᠭᠴᠦ᠂ ᠪᠦᠬᠦ ᠨᠡᠶᠢᠭᠡᠮ ᠤᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠡᠷᠬᠡᠪᠰᠢ ᠪᠤᠲᠠᠲᠠᠶᠢᠵᠢᠭᠤᠯᠵᠤ᠂ ᠵᠢᠯᠤᠭᠤᠳᠤᠯᠭ᠎ᠠ ᠶᠢ ᠲᠠᠭᠠᠵᠤ᠂ ᠠᠵᠢᠯᠯᠠᠭ᠎ᠠ ᠪᠠᠨ ᠨᠢᠭᠡᠳᠭᠡᠵᠦ᠂ ᠲᠤᠬᠠᠢ ᠶᠢᠨ ᠡᠳᠦᠷ ᠤᠨ ᠲᠤᠭᠳᠠᠭᠰᠠᠨ ᠶᠠᠪᠤᠳᠠᠯ ᠢ ᠲᠤᠬᠠᠢ ᠶᠢᠨ ᠡᠳᠦᠷ ᠲᠤᠨᠢ ᠡᠷᠬᠡᠪᠰᠢ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠵᠦ᠂ ᠨᠢᠭᠡᠨ ᠨᠢᠭᠤᠭᠳᠠᠮᠠᠯ ᠬᠤᠭᠤᠴᠠᠭᠠᠨ ᠳᠤ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠡᠷᠢᠶᠡᠨ ᠬᠤᠳᠠ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号