ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠠ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠬᠥᠯᠥᠨ ᠪᠤᠶᠢᠷ ᠬᠤᠲᠠ ᠶᠢᠨ ᠨᠤᠲᠤᠭ | ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠬᠤᠳᠠᠯᠳᠤᠨ ᠠᠪᠬᠤ ᠪᠠ ᠵᠥᠭᠡᠭᠡᠪᠦᠷᠢᠯᠡᠬᠦ ᠳᠤ ᠴᠢᠩᠭ᠎ᠠ | ᠴᠣᠬᠢᠯᠲᠠ ᠥᠭᠬᠦ ︿ᠬᠦᠴᠦᠲᠦ ᠠᠵᠢᠯᠯᠠᠭ᠎ᠠ﹀ ᠶᠢ ᠥᠷᠨᠢᠭᠦᠯᠬᠦ ᠲᠤᠬᠠᠢ ᠮᠡᠳᠡᠭᠳᠡᠯ︾ ᠤᠨ ᠶᠡᠷᠦᠩᠬᠡᠢ | ᠪᠠᠶᠢᠷᠢᠯᠠᠭᠤᠯᠤᠯᠲᠠ ᠶᠢ ᠦᠨᠳᠦᠰᠦᠯᠡᠨ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠮᠠᠯᠲᠠᠬᠤ᠂ ᠬᠤᠳᠠᠯᠳᠤᠨ | ᠠᠪᠬᠤ᠂ ᠵᠥᠭᠡᠭᠡᠪᠦᠷᠢᠯᠡᠬᠦ ᠪᠠ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠪᠥᠬᠦ ᠨᠡᠶᠢᠭᠡᠮ ᠤᠨ ᠬᠠᠥᠯᠢ ᠶᠣᠰᠣᠭᠠᠷ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠮᠠᠯᠴᠢᠨ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠤᠰᠬᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ | ᠨᠢᠭᠲᠠ ᠤᠶᠠᠯᠳᠤᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠬᠡᠭᠡᠷ᠎ᠡ ᠶᠢᠨ | ᠤᠷᠭᠤᠮᠠᠯ ᠤᠨ ᠬᠠᠮᠠᠭᠠᠯᠠᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ | ᠨᠥᠬᠦᠳ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠣᠳᠣᠬᠠᠨ ᠤ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠬᠤ ᠪᠠ ᠳᠤᠷ᠎ᠠ ᠪᠠᠷ ᠮᠠᠯᠲᠠᠬᠤ᠂ ᠬᠠᠤᠯᠢ | ᠪᠤᠰᠤ ᠪᠠᠷ ᠲᠡᠭᠦᠵᠦ ᠴᠤᠭᠯᠠᠭᠤᠯᠬᠤ᠂ ᠬᠡᠭᠡᠷ᠎ᠡ ᠶᠢᠨ ᠤᠷᠭᠤᠮᠠᠯ ᠤᠨ ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ᠂ | ᠬᠠᠤᠯᠢ ᠪᠤᠰᠤ ᠪᠠᠷ ᠬᠡᠭᠡᠷ᠎ᠡ ᠶᠢᠨ ᠤᠷᠭᠤᠮᠠᠯ ᠢ ᠡᠵᠡᠩᠨᠡᠵᠦ ᠠᠰᠢᠭᠯᠠᠬᠤ ᠠᠵᠢᠯᠯᠠᠭ᠎ᠠ ᠳᠤ ᠴᠣᠬᠢᠯᠲᠠ ᠥᠭᠬᠦ ᠶᠢᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ | ᠦᠢᠯᠡᠳᠦᠯ ᠢ ᠦᠨᠡᠨᠬᠦ ᠪᠠᠳᠠᠷᠠᠭᠤᠯᠵᠤ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠳᠤ ᠪᠣᠳᠠᠰ ᠤᠨ ᠠᠮᠤᠷ ᠲᠦᠪᠰᠢᠨ ᠪᠠ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠂ ᠬᠥᠮᠥᠨ ᠪᠠ ᠪᠠᠶᠢᠭᠠᠯᠢ ᠶᠢᠨ ᠡᠶ᠎ᠡ ᠵᠣᠬᠢᠴᠠᠯ ᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠪᠦᠬᠦ ᠬᠤᠰᠢᠭᠤᠨ ᠤ ᠬᠡᠪᠴᠢᠶᠡᠨ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ | ᠮᠠᠯᠲᠠᠬᠤ ᠬᠤᠳᠠᠯᠳᠤᠨ ᠠᠪᠬᠤ ᠪᠠ ᠵᠥᠭᠡᠭᠡᠪᠦᠷᠢᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠨᠳᠥᠷ | ᠳᠠᠷᠤᠯᠲᠠ ᠶᠢᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠪᠥᠬᠦ ᠨᠡᠶᠢᠭᠡᠮ ᠤᠨ ᠬᠠᠤᠯᠢ ᠶᠣᠰᠣᠭᠠᠷ ᠨᠤᠲᠤᠭ ᠪᠡᠯᠴᠢᠭᠡᠷ ᠢ | ᠬᠠᠮᠠᠭᠠᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ | ᠬᠤᠳᠠᠯᠳᠤᠨ ᠠᠪᠬᠤ ᠪᠠ ᠵᠥᠭᠡᠭᠡᠪᠦᠷᠢᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠮᠠᠨ ᠤ ᠬᠤᠰᠢᠭᠤᠨ ᠤ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠎ᠠ᠃ | ᠭᠤᠷᠪᠠ᠂ ᠠᠵᠢᠯ ᠤᠨ ᠠᠭᠤᠯᠭ᠎ᠠ | ︵ᠨᠢᠭᠡ︶ ︽ᠬᠦᠴᠦᠲᠦ ᠠᠵᠢᠯᠯᠠᠭ᠎ᠠ︾ ᠶᠢ ᠲᠦᠪᠯᠡᠷᠡᠩᠭᠦᠢ ᠦᠷᠨᠢᠭᠦᠯᠬᠦ ᠬᠡᠷᠡᠭᠲᠡᠢ | 1. ᠲᠠᠯ᠎ᠠ ᠪᠠ ᠴᠡᠭ ᠢ ᠤᠶᠠᠯᠳᠤᠭᠤᠯᠤᠨ᠂ ᠪᠣᠰᠤᠭ᠎ᠠ ᠴᠣᠭᠴᠠ ᠪᠠᠷ ᠰᠣᠯᠪᠢᠴᠠᠭᠤᠯᠵᠤ ᠪᠦᠬᠦᠨ ᠢ | ᠬᠠᠮᠤᠷᠤᠭᠰᠠᠨ ᠴᠣᠬᠢᠯᠲᠠ ᠥᠭᠬᠦ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠡᠸᠡᠩᠬᠢ ᠬᠤᠰᠢᠭᠤ ᠪᠠ ᠬᠠᠭᠤᠴᠢᠨ ᠪᠠᠷᠭᠤ | ᠬᠤᠰᠢᠭᠤ ᠪᠠᠷ ᠭᠤᠣᠯᠳᠠᠯᠭ᠎ᠠ ᠪᠣᠯᠭᠠᠨ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠶᠢ | ᠰᠠᠴᠤᠷᠠᠭᠤᠯᠤᠨ ᠳᠠᠭᠠᠭᠤᠯᠬᠤ ᠬᠤᠲᠠ ᠶᠢᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠮᠠᠯᠵᠢᠬᠤ ᠣᠷᠣᠨ ᠤ ᠲᠤᠰᠬᠠᠢ | ᠴᠣᠬᠢᠯᠲᠠ ᠥᠭᠬᠦ ᠬᠡᠰᠡᠭ ᠭᠠᠵᠠᠷ ᠢ ᠪᠣᠢ ᠪᠣᠯᠭᠠᠵᠤ᠂ ᠪᠥᠬᠦ ᠬᠤᠰᠢᠭᠤᠨ ᠤ ᠬᠡᠪᠴᠢᠶᠡᠨ ᠳᠤ ᠬᠡᠭᠡᠷ᠎ᠡ ᠶᠢᠨ ᠡᠮ ᠤᠨ | ᠮᠠᠲ᠋ᠧᠷᠢᠶᠠᠯ ᠢ ᠳᠤᠷ᠎ᠠ ᠪᠠᠷ ᠮᠠᠯᠲᠠᠬᠤ ᠵᠡᠷᠭᠡ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ᠃ ᠡᠭᠦᠨ ᠤ ᠬᠠᠮᠲᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ | ᠬᠤᠯᠪᠤᠭᠠᠯᠠᠨ ᠴᠣᠬᠢᠯᠲᠠ ᠥᠭᠬᠦ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ | ᠰᠡᠷᠭᠡᠶᠢᠯᠡᠨ ᠡᠵᠡᠮᠳᠡᠬᠦ᠂ ᠰᠢᠢᠳᠪᠦᠷᠢᠯᠡᠬᠦ᠂ ᠴᠣᠬᠢᠯᠲᠠ ᠥᠭᠬᠦ ︽ᠭᠤᠷᠪᠠ ᠶᠢ ᠪᠣᠳᠠᠲᠠᠶᠢᠵᠢᠭᠤᠯᠬᠤ︾ ᠶᠢ ᠦᠨᠡᠨ ᠬᠦ | ᠪᠠᠲᠤᠯᠠᠬᠤ ᠬᠡᠷᠡᠭᠲᠡᠢ᠃ | ᠲᠣᠰ ᠤᠳᠠᠭᠠᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠬᠤᠳᠠᠯᠳᠤᠨ ᠠᠪᠬᠤ ᠪᠠ | ᠵᠥᠭᠡᠭᠡᠪᠦᠷᠢᠯᠡᠬᠦ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠢ 2022 ᠣᠨ ᠤ | 5 ᠰᠠᠷ᠎ᠠ ᠠᠴᠠ ᠡᠬᠢᠯᠡᠨ 11 ᠰᠠᠷ᠎ᠠ ᠳᠤ ᠳᠠᠭᠤᠰᠬᠠᠨ᠎ᠠ᠂ ᠴᠡᠭᠴᠡᠯᠡᠨ ᠵᠠᠰᠠᠬᠤ ᠠᠵᠢᠯ ᠢ ᠭᠤᠷᠪᠠᠨ ᠱᠠᠲᠤ ᠬᠤᠪᠢᠶᠠᠵᠤ | ᠶᠠᠪᠤᠭᠳᠠᠭᠤᠯᠤᠨ᠎ᠠ᠃ ᠨᠢᠭᠡᠳᠦᠭᠡᠷ ᠱᠠᠲᠤ ᠪᠣᠯ ᠳᠠᠶᠢᠴᠢᠯᠠᠨ ᠪᠠᠶᠢᠷᠢᠯᠠᠭᠤᠯᠬᠤ ᠱᠠᠲᠤ ︵5 ᠰᠠᠷ᠎ᠠ ᠶᠢᠨ 10 ᠤ | ᠡᠳᠦᠷ ᠠᠴᠠ 21 ᠤ ᠡᠳᠦᠷ︶ ᠪᠣᠯᠣᠨ᠎ᠠ᠂ ᠡᠯ᠎ᠡ ᠰᠤᠮᠤ ᠪᠠᠯᠭᠠᠰᠤ ᠴᠡᠭᠴᠡᠯᠡᠨ ᠵᠠᠰᠠᠬᠤ ᠠᠵᠢᠯᠯᠠᠭ᠎ᠠ ᠶᠢ ᠲᠤᠰᠬᠠᠢ | ᠰᠡᠳᠦᠪ ᠢᠶᠠᠷ ᠲᠣᠬᠢᠷᠠᠭᠤᠯᠤᠨ ᠪᠠᠶᠢᠷᠢᠯᠠᠭᠤᠯᠵᠤ᠂ ᠥᠩᠭᠡᠷᠡᠭᠰᠡᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ | ᠳᠤᠮᠳᠠ ᠣᠯᠣᠭᠰᠠᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠢᠨᠠᠮᠠᠭᠠᠢ ᠳ᠋ᠦᠩᠨᠡᠵᠦ᠂ ᠠᠰᠠᠭᠤᠳᠠᠯ ᠪᠠ ᠬᠦᠷᠦᠯᠴᠡᠬᠦ | ᠦᠭᠡᠢ ᠲᠠᠯ᠎ᠠ ᠪᠠᠨ ᠡᠷᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠥᠯ ᠢ ᠲᠣᠭᠲᠠᠭᠠᠨ᠎ᠠ︔ | ᠬᠤᠶᠠᠳᠤᠭᠠᠷ ᠱᠠᠲᠤ ᠪᠣᠯ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ︵6 ᠰᠠᠷ᠎ᠠ ᠶᠢᠨ 1 ᠤ ᠡᠳᠦᠷ ᠠᠴᠠ 10 | ᠰᠠᠷ᠎ᠠ ᠶᠢᠨ 31 ᠤ ᠡᠳᠦᠷ︶ ᠪᠣᠯᠣᠨ᠎ᠠ᠂ ᠡᠯ᠎ᠡ ᠰᠤᠮᠤ ᠪᠠᠯᠭᠠᠰᠤ ᠬᠦᠴᠦ ᠪᠠᠨ ᠲᠥᠪᠯᠡᠷᠡᠭᠦᠯᠦᠨ ᠨᠤᠲᠤᠭ | ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠬᠤᠳᠠᠯᠳᠤᠨ ᠠᠪᠬᠤ ᠪᠠ ᠵᠥᠭᠡᠭᠡᠪᠦᠷᠢᠯᠡᠬᠦ ᠶᠠᠪᠤᠳᠠᠯ ᠣᠯᠠᠨ | ᠭᠠᠷᠳᠠᠭ ᠣᠷᠣᠨ ᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠨ᠎ᠡ᠃ ᠬᠤᠳᠠᠯᠳᠤᠨ ᠠᠪᠬᠤ᠂ ᠲᠡᠭᠡᠭᠡᠪᠦᠷᠢᠯᠡᠬᠦ | ᠭᠤᠭᠴᠤᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠬᠡᠭᠡᠷ᠎ᠡ ᠶᠢᠨ ᠡᠮ ᠤᠨ ᠮᠠᠲ᠋ᠧᠷᠢᠶᠠᠯ ᠢ | ᠬᠤᠳᠠᠯᠳᠤᠨ ᠠᠪᠬᠤ ᠡᠭᠦᠷ ᠲᠤ ᠭᠤᠣᠯᠳᠠᠯᠭ᠎ᠠ ᠲᠠᠢ ᠴᠣᠬᠢᠯᠲᠠ ᠥᠭᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ | ᠠᠮᠢ ᠠᠬᠤᠢ ᠣᠷᠴᠢᠨ ᠲᠣᠭᠤᠷᠢᠨ᠂ ᠤᠢ ᠰᠢᠭᠤᠢ ᠪᠠ ᠨᠤᠲᠤᠭ ᠪᠡᠯᠴᠢᠭᠡᠷ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠬᠦ | ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠦᠨ᠂ ᠬᠠᠤᠯᠢ ᠠᠴᠠ | ᠵᠥᠷᠢᠴᠡᠪᠡᠯ ᠵᠠᠪᠠᠯ ᠨᠡᠬᠡᠮᠵᠢᠯᠡᠬᠦ ᠬᠡᠷᠡᠭᠲᠡᠢ︔ ᠭᠤᠷᠪᠠᠳᠤᠭᠠᠷ ᠱᠠᠲᠤ ᠪᠣᠯ ᠳ᠋ᠦᠩᠨᠡᠨ ᠰᠢᠯᠭᠠᠨ ᠬᠤᠷᠢᠶᠠᠬᠤ ᠱᠠᠲᠤ ︵ | 11 ᠰᠠᠷ᠎ᠠ ᠶᠢᠨ 1 ᠤ ᠡᠳᠦᠷ ᠠᠴᠠ 20 ᠤ ᠡᠳᠦᠷ︶ ᠪᠣᠯᠣᠨ᠎ᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠣᠰ ᠤᠳᠠᠭᠠᠨ ᠤ ᠲᠤᠰᠬᠠᠢ ᠠᠵᠢᠯᠯᠠᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ | ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠤᠷᠰᠢᠯᠭ᠎ᠠ ᠪᠠ ᠬᠢᠬᠦ ᠠᠷᠭ᠎ᠠ ᠪᠠᠨ ᠳ᠋ᠦᠩᠨᠡᠬᠦ ᠬᠡᠷᠡᠭᠲᠡᠢ᠃ | ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠲᠣᠰ ᠤᠳᠠᠭᠠᠨ ᠤ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | ︵ᠬᠤᠶᠠᠷ︶ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠥᠨᠳᠥᠷ ᠪᠦᠲᠦᠮᠵᠢᠲᠡᠶ ᠳᠡᠭᠡᠭᠰᠢᠯᠡᠭᠦᠯᠬᠦ | ᠬᠡᠷᠡᠭᠲᠡᠢ | 1. ᠬᠡᠪ ᠴᠢᠨᠠᠷ ᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠠᠥᠯᠢ ᠬᠡᠷᠡᠭᠵᠢᠭᠦᠯᠬᠦ | ᠪᠣᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠨᠢᠭᠡ ᠳᠤ ᠬᠠᠤᠯᠢ ᠴᠠᠭᠠᠵᠠ ᠶᠢᠨ ᠤᠬᠠᠭᠤᠯᠭ᠎ᠠ ᠶᠢ | ᠴᠢᠩᠭᠠᠳᠬᠠᠬᠤ ᠬᠡᠷᠡᠭᠲᠡᠢ᠃ ︽ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾ ᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠬᠡᠭᠡᠷ᠎ᠡ ᠶᠢᠨ ᠤᠷᠭᠤᠮᠠᠯ ᠤᠨ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠮᠢᠶ᠎ᠠ ᠪᠦᠬᠦᠢ ᠲᠣᠭᠲᠠᠭᠠᠯ ᠢ ᠪᠥᠬᠦ | ᠲᠠᠯ᠎ᠠ ᠪᠠᠷ ᠣᠶᠢᠯᠠᠭᠠᠨ ᠡᠵᠡᠮᠰᠢᠭᠦᠯᠵᠦ᠂ ᠬᠠᠤᠯᠢ ᠬᠡᠷᠡᠭᠵᠢᠭᠦᠯᠬᠦ ᠶᠠᠪᠤᠴᠠ ᠳᠤ ᠬᠠᠤᠯᠢ ᠶᠢ ᠵᠠᠪᠠᠯ ᠵᠢᠷᠤᠮᠯᠠᠨ᠂ | ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠲᠤᠬᠠᠶᠢᠯᠠᠭᠰᠠᠨ ᠠᠵᠢᠯ | ᠤᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ ᠲᠥᠪᠯᠡᠷᠡᠭᠦᠯᠦᠨ ᠪᠣᠯᠪᠠᠰᠤᠷᠠᠭᠤᠯᠬᠤ᠂ ᠬᠡᠷᠡᠭ ᠤᠨ ᠵᠢᠱᠢᠶ᠎ᠡ ᠶᠢ | ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢᠶᠠᠷ ᠳᠠᠮᠵᠢᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠪᠣᠯᠪᠠᠰᠤᠷᠠᠯ ᠢ | ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠷᠡᠭᠦᠦ ᠰᠢᠢᠳᠬᠡᠯ ᠢ ᠬᠡᠷᠡᠭᠵᠢᠭᠦᠯᠬᠦ ᠶᠢ ᠵᠣᠯᠭᠠᠯᠳᠤᠭᠤᠯᠬᠤ ᠶᠢ ᠤᠯᠠᠮ | ᠴᠢᠨᠠᠭᠰᠢᠳᠠ ᠭᠦᠨᠵᠡᠭᠡᠶᠢᠷᠡᠭᠦᠯᠦᠨ᠂ ᠪᠠᠶᠢᠴᠠᠭᠠᠬᠤ ᠰᠢᠭᠦᠬᠦ ᠪᠠᠶᠢᠭᠤᠯᠭ᠎ᠠ ᠲᠠᠢ ᠵᠥᠪᠳᠡᠯᠴᠡᠨ ᠬᠠᠮᠵᠢᠯᠴᠠᠬᠤ ᠶᠢ | ᠴᠢᠩᠭᠠᠳᠬᠠᠵᠤ᠂ ᠬᠡᠷᠡᠭ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠪᠠ ᠭᠡᠷᠡᠴᠢ ᠪᠠᠷᠢᠮᠲᠠ ᠶᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠬᠠᠤᠯᠢ ᠴᠠᠭᠠᠵᠠ ᠲᠦᠷᠦ ᠶᠢᠨ ᠪᠣᠳᠣᠯᠭ᠎ᠠ ᠶᠢ ᠣᠨᠣᠪᠴᠢᠲᠠᠶ | ᠡᠵᠡᠮᠰᠢᠨ᠂ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠤᠯᠢ | ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠃ | 2. ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ | ᠰᠢᠢᠳᠪᠦᠷᠢᠯᠡᠬᠦ ᠲᠠᠪᠴᠠᠩ ᠪᠠ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠡᠭᠡᠷ᠎ᠡ ᠶᠢᠨ | ᠤᠷᠭᠤᠮᠠᠯ ᠢ ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ ︵0470 ︱ 6401803︶ ᠪᠠ | ᠢᠮᠧᠯ ︵xxyqlycyj@163.com︶ ᠲᠣᠬᠢᠷᠠᠭᠤᠯᠬᠤ ᠶᠢᠨ ᠬᠠᠮᠲᠤ ᠪᠥᠬᠦ ᠬᠤᠰᠢᠭᠤᠨ ᠳᠤ ᠨᠡᠶᠢᠲᠡᠯᠡᠬᠦ | ᠬᠡᠷᠡᠭᠲᠡᠢ᠃ ᠱᠠᠩᠨᠠᠨ ᠬᠥᠬᠢᠭᠦᠯᠬᠦ ᠠᠷᠭ᠎ᠠ ᠶᠢ ᠨᠡᠶᠢᠲᠡᠯᠡᠵᠦ᠂ ᠴᠢᠬᠤᠯᠠ ᠶᠡᠭᠡ ᠰᠦᠪᠡᠭᠴᠢ ᠬᠠᠩᠭᠠᠭᠰᠠᠨ ᠢᠯᠡᠴᠢᠯᠡᠨ | ᠮᠡᠳᠡᠭᠦᠯᠦᠭᠴᠢ ᠶᠢ ᠵᠣᠬᠢᠬᠤ ᠬᠡᠮᠵᠢᠶ᠎ᠡ ᠪᠠᠷ ᠱᠠᠩᠨᠠᠨ ᠬᠥᠬᠢᠭᠦᠯᠵᠦ᠂ ᠪᠥᠬᠦ ᠬᠤᠰᠢᠭᠤᠨ ᠳᠤ ᠠᠯᠬᠤᠮ ᠠᠯᠬᠤᠮ ᠢᠶᠠᠷ | ᠳᠡᠯᠭᠡᠷᠡᠭᠦᠯᠦᠨ᠂ ᠥᠷᠭᠡᠨ ᠣᠯᠠᠨ ᠲᠦᠮᠡᠨ ᠤ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠳᠤ ᠣᠷᠤᠯᠴᠠᠬᠤ | ᠢᠳᠡᠪᠬᠢᠵᠢᠯ ᠢ ᠦᠨᠡᠨᠬᠦ ᠳᠡᠭᠡᠭᠰᠢᠯᠡᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ | ᠠᠵᠢᠯ ᠤᠨ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠶ ᠨᠥᠬᠦᠪᠦᠷᠢᠯᠡᠵᠦ᠂ ᠵᠡᠷᠭᠡᠪᠡᠷ ᠠᠳᠬᠤᠵᠤ ᠬᠠᠮᠲᠤᠪᠠᠷ | ᠬᠠᠮᠢᠶᠠᠷᠬᠤ ᠠᠵᠢᠯ ᠤᠨ ᠪᠠᠶᠢᠳᠠᠯ ᠢ ᠪᠣᠶ ᠪᠣᠯᠭᠠᠬᠤ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | 3. ᠥᠩᠭᠡᠨ ᠲᠠᠯ᠎ᠠ ᠪᠠ ᠤᠭ ᠦᠨᠳᠦᠰᠦ ᠶᠢ ᠵᠡᠷᠭᠡᠪᠡᠷ ᠵᠠᠰᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠠ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠵᠠᠷᠤᠳᠠᠯ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ | ᠬᠠᠤᠯᠢ ᠪᠤᠰᠤ ᠪᠠᠷ ᠮᠠᠯᠲᠠᠭᠰᠠᠳ ᠪᠤᠶᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠬᠤᠳᠠᠯᠳᠤᠨ ᠠᠪᠤᠭᠰᠠᠳ ᠲᠤ | ᠮᠠᠯᠲᠠᠭᠰᠠᠨ ᠤ ᠳᠠᠷᠠᠭᠠᠬᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ | ᠬᠠᠮᠲᠤ᠂ ᠲᠣᠭᠲᠠᠭᠠᠯ ᠶᠣᠰᠣᠭᠠᠷ ᠰᠡᠷᠭᠦᠭᠡᠬᠦ ᠵᠠᠷᠤᠳᠠᠯ ᠲᠤᠰᠢᠶᠠᠬᠤ ᠬᠡᠷᠡᠭᠲᠡᠢ᠃ ᠬᠤᠶᠠᠷ ᠲᠤ ︽ᠬᠥᠯᠥᠨ ᠪᠤᠶᠢᠷ | ᠬᠤᠳᠠ ᠶᠢᠨ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ | ᠠᠪᠬᠤ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠵᠤ ᠠᠮᠢ ᠠᠬᠤᠢ ᠶᠢ ᠡᠪᠳᠡᠭᠰᠡᠨ ᠪᠠᠶᠢᠳᠠᠯ ᠳᠤ ᠴᠢᠭᠯᠡᠭᠦᠯᠦᠨ᠂ ᠠᠮᠢ | ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢ ᠪᠠᠶᠢᠴᠠᠭᠠᠬᠤ᠂ | ᠬᠢᠨᠠᠨ ᠲᠣᠭᠲᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠪᠳᠡᠭᠰᠡᠨ ᠤᠷᠭᠤᠮᠠᠯ ᠤᠨ | ᠬᠤᠴᠢᠯᠭ᠎ᠠ ᠶᠢᠨ ᠲᠥᠷᠥᠯ ᠬᠡᠯᠪᠡᠷᠢ᠂ ᠪᠣᠳᠠᠲᠠᠢ ᠡᠪᠳᠡᠭᠰᠡᠨ ᠲᠠᠯᠠᠪᠠᠶ ᠵᠡᠷᠭᠡ ᠶᠢ ᠲᠣᠭᠲᠠᠭᠠᠵᠤ᠂ ᠠᠮᠢ ᠠᠬᠤᠢ | ᠣᠷᠴᠢᠨ ᠲᠣᠭᠤᠷᠢᠨ ᠢ ᠰᠡᠷᠭᠦᠭᠡᠬᠦ ᠵᠠᠷᠤᠳᠠᠯ᠂ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠬᠤᠭᠤᠴᠠᠭᠠᠨ ᠳᠠᠬᠢ | ᠦᠢᠯᠡᠴᠢᠯᠡᠭᠡᠨ ᠤ ᠴᠢᠳᠠᠮᠵᠢ ᠶᠢᠨ ᠬᠤᠬᠢᠷᠠᠯ᠂ ᠠᠮᠢ ᠠᠬᠤᠢ ᠣᠷᠴᠢᠨ ᠲᠣᠭᠤᠷᠢᠨ ᠤ ᠴᠢᠳᠠᠮᠵᠢ ᠶᠢᠨ ᠥᠨᠢᠳᠡ ᠶᠢᠨ | ᠴᠢᠨᠠᠷᠲᠠᠢ ᠬᠤᠬᠢᠷᠠᠯ ᠠᠴᠠ ᠪᠣᠯᠤᠭᠰᠠᠨ ᠵᠠᠷᠤᠳᠠᠯ ᠢ ᠬᠢᠨᠠᠨ ᠲᠣᠭᠲᠠᠭᠠᠵᠤ᠂ ᠬᠠᠤᠯᠢ ᠶᠣᠰᠣᠭᠠᠷ ᠳᠥᠯᠥᠭᠦᠯᠬᠦ ᠪᠠᠷ | ᠱᠠᠭᠠᠷᠳᠠᠵᠤ᠂ ᠴᠢᠨᠠᠭᠰᠢᠯᠠᠪᠠᠯ ᠵᠠᠭᠠᠯᠳᠤᠯᠭ᠎ᠠ ᠭᠠᠷᠭᠠᠵᠤ᠂ ᠬᠠᠤᠯᠢ ᠠᠴᠠ ᠵᠥᠷᠢᠴᠡᠭᠰᠡᠨ ᠡᠲᠡᠭᠡᠳ ᠤᠨ ᠬᠡᠭᠡᠷ᠎ᠡ ᠶᠢᠨ | ᠤᠷᠭᠤᠮᠠᠯ ᠢ ᠳᠤᠷ᠎ᠠ ᠪᠠᠷ ᠮᠠᠯᠲᠠᠬᠤ ᠬᠠᠤᠯᠢ ᠠᠴᠠ ᠵᠥᠷᠢᠴᠡᠭᠰᠡᠨ ᠥᠪᠡᠷ ᠤᠨ ᠥᠷᠲᠡᠭ ᠢ ᠤᠯᠠᠮ ᠴᠢᠨᠠᠭᠰᠢᠳᠠ | ᠳᠡᠭᠡᠭᠰᠢᠯᠡᠭᠦᠯᠦᠨ᠂ ᠪᠦᠲᠦᠮᠵᠢᠲᠡᠶ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠪᠡᠯᠴᠢᠭᠡᠷ ᠤᠨ ᠲᠣᠪᠴᠢᠶ᠎ᠠ᠂ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | ︵ᠭᠤᠷᠪᠠ︶ ᠳᠦᠷᠢᠮ ᠤᠨ ᠲᠤᠯᠭᠠᠭᠤᠷᠢᠯᠠᠯ ᠢ ᠦᠨᠡᠨᠬᠦ ᠴᠢᠩᠭᠠᠳᠬᠠᠬᠤ ᠬᠡᠷᠡᠭᠲᠡᠢ | 1. ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠬᠡᠭᠡᠷ᠎ᠡ ᠶᠢᠨ ᠡᠮ ᠤᠨ | ᠮᠠᠲ᠋ᠧᠷᠢᠶᠠᠯ ᠢ ᠬᠤᠯᠠᠭᠠᠶᠢᠯᠠᠨ ᠮᠠᠯᠲᠠᠬᠤ ᠠᠵᠢᠯᠯᠠᠭ᠎ᠠ ᠶᠢᠨ ︽ᠰᠢᠨᠵᠢ ᠴᠢᠨᠠᠷ ᠢ ᠲᠣᠭᠲᠠᠭᠠᠬᠤ ᠳᠤ ᠬᠦᠴᠢᠷ᠂ ᠬᠡᠮᠵᠢᠶ᠎ᠡ ᠶᠢ | ᠲᠣᠭᠲᠠᠭᠠᠬᠤ ᠳᠤ ᠬᠦᠴᠢᠷ᠂ ᠶᠠᠯ᠎ᠠ ᠲᠣᠭᠲᠠᠭᠠᠬᠤ ᠳᠤ ᠬᠦᠴᠢᠷ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ᠵᠡᠷᠭᠡ ᠬᠠᠤᠯᠢ | ᠴᠠᠭᠠᠵᠠ ᠶᠢᠨ ᠬᠠᠤᠯᠢ ᠶᠢ ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ | ᠤᠶᠠᠯᠳᠤᠭᠤᠯᠵᠤ᠂ ᠡᠳᠦᠷ ᠲᠤᠲᠤᠮ ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢᠨ | ᠳ᠋ᠦᠩᠨᠡᠯᠲᠡ ᠶᠢ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠬᠡᠷᠡᠭᠵᠢᠭᠦᠯᠬᠦ ᠪᠠᠶᠢᠴᠠᠭᠠᠯᠲᠠ ᠵᠡᠷᠭᠡ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠦᠨᠡᠨ ᠬᠦ ᠬᠡᠷᠡᠭᠵᠢᠭᠦᠯᠵᠦ | ᠪᠣᠯᠬᠤᠶᠢᠴᠠ ᠰᠠᠨᠠᠯ ᠰᠠᠨᠠᠭᠤᠯᠭ᠎ᠠ ᠶᠢ ᠳᠤᠷᠠᠳᠬᠤ ᠪᠠ ᠲᠤᠰᠬᠠᠬᠤ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠃ | 2. ᠬᠠᠤᠯᠢ ᠲᠣᠭᠲᠠᠭᠠᠬᠤ ᠰᠠᠨᠠᠭᠤᠯᠭ᠎ᠠ ᠶᠢ ᠲᠣᠬᠢᠷᠠᠮᠵᠢᠲᠠᠢ ᠴᠠᠭ ᠲᠤ ᠳᠤᠷᠠᠳᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠲᠣᠰ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠬᠤ ᠠᠵᠢᠯᠯᠠᠭ᠎ᠠ ᠳᠤ ᠴᠣᠬᠢᠯᠲᠠ ᠥᠭᠬᠦ ᠲᠤᠬᠠᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠵᠦ᠂ ᠬᠠᠤᠯᠢ ᠲᠣᠭᠲᠠᠭᠠᠯᠲᠠ ᠶᠢᠨ ᠲᠤᠬᠠᠢ | ᠪᠠᠶᠢᠴᠠᠭᠠᠨ ᠰᠤᠳᠤᠯᠤᠯᠲᠠ ᠶᠢ ᠦᠷᠨᠢᠭᠦᠯᠬᠦ ᠬᠡᠷᠡᠭᠲᠡᠢ᠃ ᠭᠦᠢᠴᠡᠳ ᠪᠠᠶᠢᠴᠠᠭᠠᠨ ᠰᠤᠳᠤᠯᠵᠤ ᠨᠤᠲᠠᠯᠠᠭᠰᠠᠨ ᠰᠠᠭᠤᠷᠢᠨ | ᠳᠡᠭᠡᠷ᠎ᠡ᠂ ᠬᠠᠤᠯᠢ ᠲᠣᠭᠲᠠᠭᠠᠬᠤ ᠶᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠢ ᠤᠯᠠᠮ ᠨᠢᠭᠡ ᠠᠯᠬᠤᠮ | ᠰᠤᠳᠤᠯᠤᠨ ᠮᠠᠭᠠᠳᠯᠠᠵᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠵᠢᠷᠤᠮ ᠢ ᠡᠬᠢᠯᠡᠭᠦᠯᠵᠦ᠂ ᠬᠠᠤᠯᠢ ᠴᠠᠭᠠᠵᠠ ᠶᠢᠨ | ᠳᠦᠷᠢᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠃ | ︵ᠳᠥᠷᠪᠡ︶ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠷᠲᠤᠳᠬᠠᠨ ᠦᠷᠭᠡᠳᠬᠡᠬᠦ ᠬᠡᠷᠡᠭᠲᠡᠢ | 1. ᠣᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠦᠷᠨᠢᠭᠦᠯᠬᠦ | ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠶᠢ ᠬᠡᠷᠡᠭᠵᠢᠭᠦᠯᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠨᠢᠭᠡ ᠳᠤ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ︽ᠬᠡᠨ ᠭᠤᠣᠯᠯᠠᠨ ᠬᠠᠮᠢᠶᠠᠷᠪᠠᠯ ᠬᠡᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ︾ ︽ᠬᠡᠨ ᠦᠢᠯᠡᠴᠢᠯᠡᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠦᠷᠢᠮ ᠤᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠥᠷᠨᠢᠭᠦᠯᠵᠦ᠂ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠪᠠ ᠨᠤᠲᠤᠭ ᠪᠡᠯᠴᠢᠭᠡᠷ ᠢ ᠡᠪᠳᠡᠬᠦ ᠲᠤᠬᠠᠢ | ᠣᠯᠠᠨ ᠲᠦᠮᠡᠨ ᠤ ᠣᠶᠤᠨᠴᠢ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠴᠢᠶᠠᠯᠠᠭᠴᠢ ᠶᠢ ᠰᠠᠶᠢᠲᠤᠷ | ᠬᠡᠷᠡᠭᠯᠡᠬᠦ ᠬᠡᠷᠡᠭᠲᠡᠢ᠃ ᠰᠣᠨᠢᠨ᠂ ᠷᠠᠳᠢᠣ᠋ ᠨᠡᠪᠲᠡᠷᠡᠭᠦᠯᠭᠡ᠂ ᠬᠠᠮ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ | ᠲᠠᠪᠴᠠᠩ ᠵᠡᠷᠭᠡ ᠶᠢ ᠭᠦᠢᠴᠡᠳ ᠠᠰᠢᠭᠯᠠᠨ᠂ ᠪᠢᠴᠢᠯ ᠸᠢᠳᠢᠣ᠋ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠮᠥᠷᠲᠡᠭᠡᠨ ᠤᠯᠠᠮᠵᠢᠯᠠᠨ ᠲᠠᠷᠬᠠᠭᠠᠬᠤ ᠬᠤᠷᠳᠤᠴᠠ ᠨᠢ ᠲᠦᠷᠭᠡᠨ᠂ ᠤᠬᠠᠭᠤᠯᠭ᠎ᠠ ᠶᠢᠨ ᠦᠷ᠎ᠡ | ᠪᠦᠲᠦᠮᠵᠢ ᠪᠠᠷ ᠰᠠᠶᠢᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢᠨ ᠠᠭᠤᠯᠭ᠎ᠠ ᠶᠢ ᠠᠵᠤ | ᠠᠬᠤᠶᠢᠯᠠᠯ᠂ ᠰᠤᠷᠭᠠᠭᠤᠯᠢ᠂ ᠭᠠᠴᠠᠭ᠎ᠠ᠂ ᠨᠡᠶᠢᠭᠡᠮ ᠲᠣᠭᠤᠷᠢᠭ ᠲᠤ ᠬᠦᠷᠭᠡᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠨᠤᠲᠤᠭ ᠪᠡᠯᠴᠢᠭᠡᠷ ᠢ ᠬᠠᠮᠠᠭᠠᠯᠠᠬᠤ᠂ ᠬᠡᠭᠡᠷ᠎ᠡ ᠶᠢᠨ | ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠣᠯᠠᠨ ᠨᠡᠶᠢᠲᠡ ᠶᠢᠨ ᠴᠢᠨᠠᠷᠲᠠᠢ ᠮᠡᠳᠡᠯᠭᠡ ᠶᠢ ᠪᠠᠶᠢᠩᠭᠤ ᠶᠢᠨ | ᠴᠢᠨᠠᠷᠲᠠᠢ ᠪᠠᠷ ᠨᠡᠶᠢᠲᠡᠯᠡᠵᠦ᠂ ᠠᠮᠢ ᠠᠬᠤᠢ ᠶᠢ ᠬᠠᠮᠠᠭᠠᠯᠠᠬᠤ᠂ ᠨᠤᠲᠤᠭ ᠪᠡᠯᠴᠢᠭᠡᠷ ᠢ ᠬᠠᠮᠠᠭᠠᠯᠠᠬᠤ ᠵᠡᠷᠭᠡ ᠲᠠᠯ᠎ᠠ ᠶᠢᠨ | ᠦᠷ᠎ᠡ ᠪᠦᠲᠦᠮᠵᠢ ᠶᠢᠨ ᠵᠥᠪ ᠲᠠᠯ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤᠨ ᠤ ᠭᠤᠣᠯ | ᠵᠠᠭᠤᠴᠢᠯᠠᠭᠤᠷ ᠸᠢᠴᠠᠲ ᠤᠨ ᠢᠯᠡᠷᠬᠡᠢ ᠪᠣᠯᠣᠩ ᠳᠤ ᠤᠬᠠᠭᠤᠯᠭ᠎ᠠ ᠶᠢᠨ ᠤᠷᠢᠶ᠎ᠠ ᠶᠢ ᠨᠡᠶᠢᠲᠡᠯᠡᠨ᠂ ᠣᠯᠠᠨ ᠲᠦᠮᠡᠨ ᠤ | ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠬᠦ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | 2. ᠬᠠᠤᠯᠢ ᠠᠴᠠ ᠵᠥᠷᠢᠴᠡᠭᠰᠡᠨ ᠬᠡᠷᠡᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠬᠡᠷᠡᠭᠲᠡᠢ᠃ | ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠦᠨᠳᠦ | ᠶᠡᠭᠡ ᠨᠡᠶᠢᠲᠡᠯᠢᠭ ᠡᠷᠡᠭᠦᠦ ᠶᠢᠨ ᠬᠡᠷᠡᠭ ᠪᠣᠯᠣᠨ ︽ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠬᠤ ᠳᠤ ᠴᠣᠬᠢᠯᠲᠠ | ᠥᠭᠬᠦ︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠠᠮᠢᠶ᠎ᠠ ᠪᠦᠬᠦᠢ ᠠᠭᠤᠯᠭ᠎ᠠ ᠶᠢ ᠴᠢᠩᠭ᠎ᠠ ᠠᠩᠬᠠᠷᠴᠤ᠂ | ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ᠂ ᠴᠢᠩᠭ᠎ᠠ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠵᠡᠷᠭᠡ | ᠵᠠᠩᠭᠢᠯᠠᠭ᠎ᠠ ᠶᠢᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠢᠯᠡᠴᠢᠯᠡᠨ ᠰᠡᠷᠡᠮᠵᠢᠯᠡᠭᠦᠯᠬᠦ ᠡᠷᠴᠢᠮ ᠢ ᠪᠥᠬᠦ | ᠲᠠᠯ᠎ᠠ ᠪᠠᠷ ᠴᠢᠩᠭᠠᠷᠠᠭᠤᠯᠵᠤ᠂ ᠬᠠᠮᠢᠶ᠎ᠠ ᠪᠦᠬᠦᠢ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ᠂ ᠣᠯᠠᠨ ᠨᠡᠶᠢᠲᠡ ᠶᠢᠨ | ᠲᠠᠪᠴᠠᠩ ᠳᠤ ᠨᠡᠶᠢᠲᠡᠯᠡᠬᠦ ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | 3. ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ | ᠬᠡᠭᠡᠷ᠎ᠡ ᠶᠢᠨ ᠡᠮ ᠤᠨ ᠮᠠᠲ᠋ᠧᠷᠢᠶᠠᠯ ᠢ ᠳᠤᠷ᠎ᠠ ᠪᠠᠷ ᠮᠠᠯᠲᠠᠬᠤ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠪᠠ ᠡᠳᠦᠷ | ᠲᠤᠲᠤᠮ ᠤᠨ ᠠᠵᠢᠯ ᠳᠤᠮᠳᠠᠬᠢ ᠲᠡᠷᠢᠭᠦᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠨᠢᠭᠡ ᠪᠦᠯᠦᠭ ᠰᠢᠯᠢᠳᠡᠭ | ᠬᠡᠷᠡᠭ ᠤᠨ ᠵᠢᠱᠢᠶ᠎ᠡ ᠪᠠ ᠲᠡᠷᠢᠭᠦᠨ ᠤ ︵ᠬᠤᠪᠢ ᠬᠥᠮᠥᠨ︶ ᠬᠠᠮᠲᠤ ᠨᠡᠶᠢᠲᠡ ᠶᠢ ᠰᠣᠩᠭᠤᠨ ᠪᠣᠶ ᠪᠣᠯᠭᠠᠬᠤ ᠬᠡᠷᠡᠭᠲᠡᠢ᠃ | ︽ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠬᠤ ᠳᠤ ᠴᠣᠬᠢᠯᠲᠠ ᠥᠭᠬᠦ︾ ᠠᠵᠢᠯ ᠤᠨ ᠦᠷ᠎ᠡ ᠪᠦᠲᠦᠭᠡᠯ ᠢ | ᠦᠨᠳᠦᠰᠦᠯᠡᠨ᠂ ᠰᠣᠨᠢᠨ ᠮᠡᠳᠡᠭᠡ ᠨᠡᠪᠲᠡᠷᠡᠭᠦᠯᠬᠦ᠂ ᠰᠣᠷᠪᠤᠯᠵᠢᠯᠠᠭ᠎ᠠ ᠶᠢᠨ ᠶᠡᠷᠦᠩᠬᠡᠶᠢᠯᠡᠭᠰᠡᠨ ᠲᠣᠭᠠᠴᠢᠯᠲᠠ ᠬᠢᠬᠦ | ᠵᠡᠷᠭᠡ ᠪᠦᠲᠦᠮᠵᠢᠲᠡᠶ ᠠᠷᠭ᠎ᠠ ᠵᠠᠮ ᠢ ᠠᠪᠴᠤ᠂ ᠲᠣᠰ ᠵᠢᠯ ᠤᠨ ᠠᠵᠢᠯ ᠤᠨ ᠦᠷ᠎ᠡ ᠪᠦᠲᠦᠮᠵᠢ ᠣᠯᠣᠭᠰᠠᠨ ᠦᠷ᠎ᠡ | ᠪᠦᠲᠦᠭᠡᠯ ᠢ ᠵᠥᠪ ᠲᠠᠯ᠎ᠠ ᠪᠠᠷ ᠤᠬᠠᠭᠤᠯᠤᠨ ᠮᠡᠳᠡᠭᠡᠯᠡᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠡᠭᠡᠷ᠎ᠡ ᠶᠢᠨ | ᠤᠷᠭᠤᠮᠠᠯ ᠤᠨ ᠡᠬᠢ ᠪᠠᠶᠠᠯᠢᠭ ᠢ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠬᠤᠳᠠᠯᠳᠤᠬᠤ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠶᠢᠨ ᠲᠥᠯᠥᠭᠡ᠂ ᠨᠤᠲᠤᠭ | ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠪᠠ ᠬᠤᠳᠠᠯᠳᠤᠨ ᠠᠪᠴᠤ ᠵᠥᠭᠡᠭᠡᠪᠦᠷᠢᠯᠡᠬᠦ ᠲᠤᠰᠬᠠᠢ ᠴᠡᠭᠴᠡᠯᠡᠨ | ᠵᠠᠰᠠᠬᠤ ᠠᠵᠢᠯ ᠳᠤ ᠴᠢᠩᠭ᠎ᠠ ᠴᠣᠬᠢᠯᠲᠠ ᠥᠭᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠦᠨᠡᠨ ᠬᠦ ᠴᠢᠩᠭᠠᠳᠬᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ | ᠤᠷᠭᠤᠮᠠᠯ ᠢ ᠮᠠᠯᠲᠠᠬᠤ ᠪᠠ ᠬᠤᠳᠠᠯᠳᠤᠨ ᠠᠪᠴᠤ ᠵᠥᠭᠡᠭᠡᠪᠦᠷᠢᠯᠡᠬᠦ ᠳᠤ ᠴᠢᠩᠭ᠎ᠠ ᠴᠣᠬᠢᠯᠲᠠ ᠥᠭᠬᠦ ᠲᠤᠰᠬᠠᠢ | ᠴᠡᠭᠴᠡᠯᠡᠨ ᠵᠠᠰᠠᠬᠤ ︽ᠬᠦᠴᠦᠲᠦ ᠠᠵᠢᠯᠯᠠᠭ᠎ᠠ︾ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ | ᠲᠣᠭᠲᠠᠪᠠ᠃ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠪᠠᠢ ᠴᠦᠨ ᠮᠸᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠦᠷᠭᠡᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠡᠷᠳᠡᠨᠢᠪᠤᠯᠠᠭ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠳᠠᠷᠤᠭ᠎ᠠ | ᠰᠠᠷᠠᠭᠤᠯ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ | ᠯᠢᠦ ᡁᠢ ᠭᠠᠩ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ | ᠬᠠᠰᠲᠤᠯᠭᠠᠭᠤᠷᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ | ᠰᠢᠤᠸᠠᠢ ᠳ᠋ᠧ ᠱᠦᠨ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ | ᠵᠣᠤ ᠪᠣᠯᠣᠷ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ | ᠠᠶᠤᠩᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ | ᠢᠦᠢ ᠪᠠᠢ ᠮᠢᠩ ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠪᠠᠶᠠᠷᠲᠤ ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠯᠢᠦ ᠰᠢᠦᠢ ᠳ᠋ᠦᠩ ᠬᠦᠯᠦᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠨᠠᠷᠠᠰᠤ ᠬᠡᠷᠦᠯᠦᠨ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠲᠦᠪᠰᠢᠨᠵᠢᠷᠭᠠᠯ ᠪᠤᠶᠢᠷ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠤᠯᠠᠭᠠᠨ ᠳᠠᠯᠠᠢ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠪᠠᠶᠠᠰᠬᠤᠯᠠᠩ ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ︵ᠬᠤᠶᠠᠷ︶ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ | ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠭᠦᠢᠴᠡᠳᠬᠡᠬᠦ ᠤᠯᠤᠰ ᠲᠥᠷᠥ ᠶᠢᠨ ᠥᠨᠳᠥᠷᠴᠡ ᠠᠴᠠ ᠰᠠᠨᠠᠯ | ᠵᠥᠪᠯᠡᠯᠭᠡ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠠᠰᠤᠷᠠᠯᠲᠠ ᠦᠭᠡᠢ ᠪᠠᠲᠤ ᠪᠠᠬᠢ | ᠪᠣᠶ ᠪᠣᠯᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠰ ᠳᠠᠪᠬᠤᠷᠭ᠎ᠠ ᠶᠢᠨ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠶᠢ ᠦᠨᠡᠨᠬᠦ ᠴᠢᠩᠭᠠᠳᠬᠠᠨ᠂ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ | ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢ ᠰᠣᠨᠣᠰᠴᠤ᠂ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠡᠭᠦᠨ ᠤ ᠬᠠᠮᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠨ᠂ ᠲᠤᠷᠰᠢᠯᠭ᠎ᠠ ᠪᠠᠨ ᠳ᠋ᠦᠩᠨᠡᠬᠦ ᠶᠢ | ᠴᠢᠩᠭᠠᠳᠬᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠬᠠᠷᠢᠯᠴᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠳᠣᠲᠣᠭᠠᠳᠤ ᠶᠢ ᠬᠠᠮᠠᠭᠠᠯᠠᠬᠤ᠂ ᠣᠶ ᠰᠢᠭᠤᠢ ᠪᠠ ᠨᠤᠲᠤᠭ ᠪᠡᠯᠴᠢᠭᠡᠷ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠬᠠᠮᠲᠤᠷᠠᠨ ᠦᠢᠯᠡᠴᠢᠯᠡᠵᠦ | ᠬᠠᠮᠲᠤᠷᠠᠨ ᠬᠥᠳᠡᠯᠦᠯᠴᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠬᠡᠷᠡᠭ ᠰᠢᠢᠳᠪᠦᠷᠢᠯᠡᠬᠦ ᠵᠡᠷᠭᠡ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠴᠠᠭ | ᠬᠤᠭᠤᠴᠠᠭ᠎ᠠ᠂ ᠵᠠᠩᠭᠢᠯᠠᠭ᠎ᠠ ᠶᠢᠨ ᠴᠠᠭ ᠦᠶ᠎ᠡ ᠶᠢᠨ ᠮᠡᠳᠡᠭᠡ ᠵᠠᠩᠭᠢ ᠶᠢ ᠮᠡᠳᠡᠭᠡᠯᠡᠬᠦ᠂ ᠰᠦᠪᠡᠭᠴᠢ ᠶᠢ ᠰᠢᠯᠵᠢᠭᠦᠯᠦᠨ | ᠲᠤᠰᠢᠶᠠᠬᠤ᠂ ᠬᠠᠮᠲᠤᠷᠠᠨ ᠵᠥᠪᠳᠡᠯᠴᠡᠬᠦ ᠵᠡᠷᠭᠡ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠢᠯᠡᠷᠡᠭᠦᠯᠬᠦ᠂ ᠰᠢᠯᠵᠢᠭᠦᠯᠦᠨ ᠲᠤᠰᠢᠶᠠᠬᠤ᠂ ᠪᠠᠶᠢᠴᠠᠭᠠᠨ ᠰᠢᠢᠳᠪᠦᠷᠢᠯᠡᠬᠦ᠂ ᠬᠠᠷᠢᠭᠤ ᠲᠤᠰᠬᠠᠬᠤ ᠬᠡᠪᠰᠢᠭᠰᠡᠨ ᠴᠣᠬᠢᠯᠲᠠ | ᠥᠭᠴᠦ ᠴᠡᠭᠴᠡᠯᠡᠨ ᠵᠠᠰᠠᠬᠤ ᠲᠣᠭᠲᠠᠴᠠ ᠶᠢ ᠪᠣᠶ ᠪᠣᠯᠭᠠᠬᠤ ᠬᠡᠷᠡᠭᠲᠡᠢ᠃ | ︵ᠳᠥᠷᠪᠡ︶ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠬᠤ ᠬᠡᠷᠡᠭᠲᠡᠢ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠤᠨ ᠬᠡᠭᠡᠷ᠎ᠡ ᠶᠢᠨ | ᠤᠷᠭᠤᠮᠠᠯ ᠢ ᠬᠠᠮᠠᠭᠠᠯᠠᠬᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠣᠭᠴᠠ ᠪᠣᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠡᠷᠬᠡ ᠣᠯᠭᠤᠭᠰᠠᠨ ᠨᠠᠷᠢᠨ ᠬᠠᠭᠤᠳᠠᠰᠤ ᠶᠢ ᠦᠨᠳᠦᠰᠦᠯᠡᠨ᠂ ᠰᠤᠮᠤ ᠪᠠᠯᠭᠠᠰᠤ ᠪᠠ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠤ ᠳᠠᠭᠠᠭᠠᠨ ᠠᠪᠴᠤ ᠬᠠᠤᠯᠢ ᠬᠡᠷᠡᠭᠵᠢᠭᠦᠯᠬᠦ ᠵᠦᠢᠯᠡᠰ ᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠭᠰᠠᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠢᠨᠠᠨ ᠬᠠᠮᠢᠶᠠᠷᠬᠤ᠂ ᠰᠢᠢᠳᠬᠡᠨ ᠲᠣᠷᠭᠠᠬᠤ ᠡᠭᠦᠷᠭᠡ ᠴᠢᠳᠠᠪᠤᠷᠢ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ | ︵ᠲᠠᠪᠤ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠬᠡᠭᠡᠷ᠎ᠡ ᠶᠢᠨ ᠤᠷᠭᠤᠮᠠᠯ ᠢ | ᠳᠤᠷ᠎ᠠ ᠪᠠᠷ ᠮᠠᠯᠲᠠᠬᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠪᠠᠶᠢᠴᠠᠭᠠᠨ ᠵᠢᠯᠤᠭᠤᠳᠬᠤ ᠶᠢ ᠴᠢᠩᠭᠠᠳᠬᠠᠵᠤ᠂ | ᠪᠥᠬᠦ ᠶᠠᠪᠤᠴᠠ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠡᠷᠡᠭᠵᠢᠭᠦᠯᠦᠨ᠂ ᠠᠵᠢᠯ ᠢᠶᠠᠨ ᠠᠷᠭᠠᠴᠠᠨ ᠲᠦᠯᠬᠢᠯᠴᠡᠬᠦ᠂ | ᠬᠤᠪᠢ ᠶᠢᠨ ᠨᠠᠶᠢᠷ ᠢᠶᠠᠷ ᠬᠠᠤᠯᠢ ᠶᠢ ᠵᠥᠷᠢᠴᠡᠬᠦ᠂ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠲᠠᠭᠰᠠᠨ ᠬᠠᠤᠯᠢ ᠠᠴᠠ | ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠦᠭᠡᠢ ᠵᠡᠷᠭᠡ ᠠᠵᠢᠯ ᠬᠢᠬᠦ ᠦᠭᠡᠢ᠂ | ᠳᠤᠷ᠎ᠠ ᠪᠠᠷ ᠬᠢᠭᠰᠡᠨ ᠦᠶᠯᠡ ᠠᠵᠢᠯᠯᠠᠭ᠎ᠠ ᠠᠴᠠ ᠪᠣᠯᠵᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠦᠨᠳᠦ | ᠨᠣᠴᠢᠲᠠᠢ ᠡᠪᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ᠂ ᠬᠠᠮᠢᠶ᠎ᠠ | ᠪᠦᠬᠦᠢ ᠨᠢᠭᠡᠴᠡ ᠪᠠ ᠠᠵᠢᠯᠲᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ | | |