ᠪᠤᠶᠢᠷ ᠰᠤᠮᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/11
     7 ᠰᠠᠷ᠎ᠠ ᠶᠢᠨ 7 ᠤ ᠡᠳᠦᠷ᠂ ᠪᠤᠶᠢᠷ ᠰᠤᠮᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ ᠳᠣᠣᠷ᠎ᠠ ᠬᠠᠭᠠᠰ ᠵᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠰᠤᠮᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠡᠭᠦᠷᠭᠡ ᠪᠠᠨ ᠲᠣᠳᠣᠷᠬᠠᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠰᠤᠮᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠠᠯᠪᠢᠪᠠ᠃ ᠰᠣᠮᠣᠨ ᠤ ᠪᠥᠬᠦ ᠺᠠᠳ᠋ᠷ ᠠᠵᠢᠯᠲᠠᠨ ᠠᠵᠢᠯᠴᠢᠨ᠂ ᠰᠣᠮᠣᠨ ᠤ ᠡᠯ᠎ᠡ ᠲᠥᠪ᠂ ᠭᠠᠵᠠᠷ᠂ ᠬᠤᠷᠢᠶ᠎ᠠ ᠶᠢᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠷᠠᠯ ᠢ ᠰᠣᠮᠣᠨ ᠤ ᠨᠠᠮ ᠤᠨ ᠬᠤᠷᠢᠶ᠎ᠠ ᠶᠢᠨ ᠱᠦᠵᠢ ᠡᠷᠭᠢᠯᠡᠪᠡ᠃
     ᠬᠤᠷᠠᠯ ᠠᠴᠠ ᠰᠤᠮᠤ ᠶᠢᠨ ᠳᠡᠭᠡᠷ᠎ᠡ ᠬᠠᠭᠠᠰ ᠵᠢᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠦᠨᠳᠦᠰᠦᠲᠡᠨ ᠤ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠢ ᠳ᠋ᠦᠩᠨᠡᠨ ᠮᠡᠳᠡᠭᠦᠯᠦᠭᠰᠡᠨ ᠪᠥᠭᠡᠳ ᠳᠣᠣᠷ᠎ᠠ ᠬᠠᠭᠠᠰ ᠵᠢᠯ ᠤᠨ ᠵᠣᠬᠢᠴᠠᠩᠭᠤᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠥᠩᠭᠡᠷᠡᠭᠰᠡᠨ ᠬᠠᠭᠠᠰ ᠵᠢᠯ ᠤᠨ ᠬᠤᠭᠤᠴᠠᠭᠠᠨ ᠳᠤ᠂ ᠪᠦᠬᠦ ᠰᠤᠮᠤ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠨᠠᠮ ᠠᠴᠠ ᠨᠠᠮ ᠢ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠮᠤ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠤᠯᠠᠮ ᠴᠢᠨᠠᠭᠰᠢᠳᠠ ᠳᠡᠭᠡᠭᠰᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠰᠢᠯᠭᠠᠯᠲᠠ ᠶᠢᠨ ᠡᠮᠦᠨ᠎ᠡ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠳᠤᠮᠳᠠ ᠢᠯᠡᠷᠡᠭᠰᠡᠨ ᠪᠤᠳᠤᠯᠢᠶᠠᠨᠲᠠᠢ ᠪᠠᠶᠢᠳᠠᠯ ᠳᠤ ᠴᠢᠭᠯᠡᠭᠦᠯᠦᠨ᠂ ᠪᠥᠬᠦ ᠰᠣᠮᠣ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠬᠦᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号