ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ
ᠨᠡᠶᠢᠲᠡᠯᠡᠭᠰᠡᠨ ᠴᠠᠭ᠄
2022/7/12
       ᠠᠯᠮᠠᠰ᠂ ᠡᠷᠡᠭᠳᠡᠢ᠂ ᠮᠤᠩᠭᠤᠯ ᠦᠨᠳᠤᠰᠤᠳᠡᠨ᠂ 1965 ᠤᠨ ᠤ 3 ᠰᠠᠷ᠎ᠠ ᠳᠤ ᠲᠦᠷᠤᠵᠡᠢ᠃ ᠦᠪᠤᠷ ᠮᠤᠩᠭᠤᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠮᠤᠨ᠃ ᠬᠦᠯᠤᠨ ᠪᠤᠶᠢᠷ ᠲᠡᠭᠡᠳᠤ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ 1988 ᠤᠨ ᠤ 8 ᠰᠠᠷ᠎ᠠ ᠳᠤ ᠠᠵᠢᠯ ᠳᠤ ᠤᠷᠤᠯᠴᠠᠵᠠᠢ᠃ ᠨᠠᠮ ᠪᠦᠯᠤᠭ᠌ ᠤᠨ ᠪᠤᠰᠤ᠂ ᠤᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠤᠢ᠃        1986.09 -- 1988.07  ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠭᠠᠨ ᠤ ᠤᠬᠠᠭᠠᠨ ᠤ ᠰᠠᠯᠪᠤᠷᠢ ᠶᠢᠨ ᠲᠤᠭᠠᠨ ᠤ ᠤᠬᠠᠭᠠᠨ ᠤ ᠲᠤᠰᠬᠠᠢ ᠮᠡᠷᠬᠡᠵᠢᠯ ᠢ ᠰᠤᠷᠤᠯᠴᠠᠪᠠ        1988.07 -- 1988.08  ᠠᠵᠢᠯ ᠬᠤᠪᠢᠶᠠᠷᠢᠯᠠᠬᠤ ᠶᠢ ᠬᠦᠯᠢᠶᠡᠪᠡ        1988.08 -- 1990.03  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳ᠋ᠬᠠᠭᠤᠯᠠ ᠰᠤᠮᠤ ᠶᠢᠨ ᠰᠤᠷᠭᠠᠭᠤᠯᠢ ᠶᠢᠨ ᠪᠠᠭᠰᠢ ᠪᠠᠶᠢᠪᠠ        1990.03 -- 1999.09  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠲᠤᠭ᠎ᠠ ᠪᠦᠷᠢᠤᠡᠬᠡᠯ ᠤᠨ ᠲᠤᠪᠴᠢᠶᠠᠨ ᠤ ᠠᠵᠢᠯᠳᠠᠨ ᠪᠠᠶᠢᠪᠠ        1999.09 -- 2005.04  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠶᠢᠬᠠᠨᠳᠠᠯ᠎ᠠ ᠰᠤᠮᠤ ᠶᠢᠨ ᠲᠡᠳ᠋ ᠰᠤᠮᠤᠨ ᠲᠠᠷᠤᠭ᠎ᠠ ᠪᠠᠶᠢᠪᠠ        2005.04 -- 2008.04 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠤᠯᠤᠨ ᠰᠤᠮᠤ ᠶᠢᠨ ᠰᠤᠮᠤᠨ ᠲᠠᠷᠤᠭ᠎ᠠ ᠪᠠᠶᠢᠪᠠ ︵2003.09 -- 2006.07 ᠬᠦᠯᠤᠨ ᠪᠤᠶᠢᠷ ᠲᠡᠭᠡᠳᠤ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠰᠬᠠᠢ ᠮᠡᠷᠬᠡᠵᠢᠯ ᠢ ᠰᠤᠷᠤᠯᠴᠠᠪᠠ︶        2008.04 -- 2009.09  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠢ ᠰᠢᠭᠤᠢ ᠤᠰᠤᠨ ᠠᠰᠢᠭᠯᠠᠯᠳᠠ ᠶᠢᠨ ᠲᠤᠪᠴᠢᠶᠠᠨ ᠤ ᠲᠡᠳ᠋ ᠲᠠᠷᠤᠭ᠎ᠠ ᠪᠠᠶᠢᠪᠠ ︵ᠵᠢᠩᠬᠢᠨᠢ ᠰᠠᠯᠠᠭᠠᠨ ᠲᠡᠰ︶        2009.09 -- 2016.07  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠨᠠᠨ ᠪᠠᠶᠢᠴᠠᠭᠠᠬᠤ ᠲᠤᠪᠴᠢᠶᠠᠨ ᠤ ᠲᠡᠳ᠋ ᠲᠠᠷᠤᠭ᠎ᠠ ᠪᠠᠶᠢᠪᠠ  ︵ᠵᠢᠩᠬᠢᠨᠢ ᠰᠠᠯᠠᠭᠠᠨ ᠲᠡᠰ︶        2016.07 -- 2017.01 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠨᠡᠷ᠎ᠡ ᠲᠤᠷᠠᠳᠤᠭᠰᠠᠨ ᠵᠢᠱᠢᠭᠳᠡᠭᠴᠢ        2017.01 -- ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠤᠢ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ