ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ
ᠨᠡᠶᠢᠲᠡᠯᠡᠭᠰᠡᠨ ᠴᠠᠭ᠄
2022/7/12
     ᠴᠠᠩ ᠴᠢᠩ᠂ ᠡᠮᠡᠭᠲᠡᠢ᠂ ᠬᠢᠲᠠᠳ ᠦᠨᠳᠦᠰᠦᠲᠡᠨ᠂ 1983 ᠣᠨ ᠤ 3 ᠰᠠᠷ᠎ᠠ ᠳᠤ ᠲᠦᠷᠦᠵᠡᠢ᠂ ᠡᠾᠧᠪᠸᠢ ᠮᠤᠵᠢ ᠶᠢᠨ ᠷᠧᠨ ᠴᠢᠦ ᠬᠤᠲᠠ ᠶᠢᠨ ᠬᠦᠮᠦᠨ᠂ ᠦᠪᠦᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠲᠧᠭᠨᠢᠭ ᠤᠨ ᠤᠬᠠᠭᠠᠨ ᠤ ᠪᠠᠺᠠᠯᠧᠷ᠂ 2005 ᠣᠨ ᠤ 9 ᠰᠠᠷ᠎ᠠ ᠳᠤ ᠠᠵᠢᠯ ᠳᠤ ᠣᠷᠤᠵᠤ᠂ 2003 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠣᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠳᠤᠭᠤᠶᠢᠯᠠᠩ ᠤᠨ ᠱᠦᠵᠢ ᠶᠢᠨ ᠲᠤᠰᠢᠶᠠᠯ ᠳᠤ ᠪᠤᠢ᠃      2001.09 — 2005.07 ᠳ᠋ᠠᠯᠢᠶᠠᠨ ᠤ ᠤᠰᠤᠨ ᠭᠠᠷᠤᠯᠲᠠ ᠶᠢᠨ ᠳᠡᠭᠡᠳᠦ ᠰᠤᠷᠭᠠᠭᠤᠯᠢ ᠶᠢᠨ ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ      2005.07 — 2005.09  ᠠᠵᠢᠯ ᠬᠦᠯᠢᠶᠡᠪᠡ      2005.09 — 2010.03 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠨᠠᠮ ᠤᠨ ᠰᠤᠷᠭᠠᠭᠤᠯᠢ ᠶᠢᠨ ᠪᠠᠭᠰᠢ ︵ᠡᠨᠡᠬᠦ ᠬᠤᠭᠤᠴᠠᠭᠠᠨ ᠳᠤ᠄ 2006.12 — 2010.03 ᠵᠠᠯᠠᠶᠢᠨᠠᠭᠤᠷ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠠᠵᠢᠯᠲᠠᠨ ᠢᠶᠠᠷ ᠵᠢᠭᠡᠯᠡᠭᠳᠡᠨ ᠠᠵᠢᠯᠯᠠᠪᠠ︶      2010.03 — 2011.10 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠲᠤᠰᠬᠠᠢ ᠠᠵᠢᠯᠲᠠᠨ ᠪᠠᠶᠢᠪᠠ      2011.10 — 2014.01 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠳᠡᠳ᠋ ᠱᠦᠵᠢ ᠪᠠᠶᠢᠪᠠ      2014.01 — 2016.07 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠱᠦᠵᠢ ᠪᠠᠶᠢᠪᠠ      ︵2012.08 — 2015.01 ᠦᠪᠦᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠭᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶ ᠪᠠᠶᠢᠪᠠ      2016.07 — 2019.05 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠱᠦᠵᠢ᠂ ᠨᠠᠮ ᠤᠨ ᠳᠤᠭᠤᠶᠢᠯᠠᠩ ᠤᠨ ᠱᠦᠵᠢ ᠪᠠᠶᠢᠪᠠ      2019.05 — 2021.06 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠪᠠᠶᠢᠪᠠ      2021.06 — 2021.07 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠣᠷᠣᠯᠠᠭᠴᠢ ᠬᠤᠰᠢᠭᠤᠨ ᠳᠠᠷᠤᠭ᠎ᠠ᠂ ᠨᠠᠮ ᠤᠨ ᠳᠤᠭᠤᠶᠢᠯᠠᠩ ᠤᠨ ᠱᠦᠵᠢ ᠪᠠᠶᠢᠪᠠ      2021.07 — ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠳᠤᠭᠤᠶᠢᠯᠠᠩ ᠤᠨ ᠱᠦᠵᠢ ᠶᠢᠨ ᠲᠤᠰᠢᠶᠠᠯ ᠳᠤ ᠪᠤᠢ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ