ᠰᠦᠨ ᠱᠤᠤ ᠴᠧᠩ ᠬᠤᠷᠠᠯ ᠢ ᠡᠷᠬᠢᠯᠡᠵᠡᠢ | 7 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠬᠤᠷᠠᠯ ᠢ ᠡᠷᠬᠢᠯᠡᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠪᠠ᠃ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠪᠢᠯᠠᠨ ᠭᠠᠮᠨᠠᠬᠤ ᠪᠠ ᠦᠢᠯᠡᠴᠢᠯᠡᠭᠡ ᠶᠢ ᠰᠢᠯᠢᠳᠡᠭᠵᠢᠭᠦᠯᠦᠨ | ᠰᠠᠶᠢᠵᠢᠷᠠᠭᠤᠯᠬᠤ ᠠᠵᠢᠯ ᠤᠨ ᠲᠣᠭᠤᠷᠢᠨ ᠳᠤ᠂ ᠨᠠᠷᠢᠨ ᠵᠦᠢᠯᠡᠰ ᠢ ᠨᠠᠩ ᠴᠢᠬᠤᠯᠠᠴᠢᠯᠠᠵᠤ᠂ ᠬᠠᠮᠢᠶᠠᠷᠴᠦ ᠪᠠᠳᠤᠯᠠᠨ | ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ | ᠲᠦᠷᠦᠭᠦᠯᠡᠨ ᠬᠢᠵᠦ᠂ ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠬᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠮᠠᠨ ᠤ ᠣᠷᠣᠨ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠡᠨ ᠳᠠᠪᠠᠵᠤ᠂ | ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ | ᠳᠡᠪᠰᠢᠵᠦ᠂ ᠵᠢᠱᠢᠭᠰᠡᠨ ᠡᠭᠦᠷᠭᠡ ᠪᠠᠨ ᠪᠡᠶᠡᠯᠡᠭᠦᠯᠪᠡ᠃ ᠳᠤᠤᠷ᠎ᠠ ᠬᠠᠭᠠᠰ ᠵᠢᠯ ᠳᠤ ᠬᠡᠳᠦ᠋ᠢᠪᠡᠷ ᠬᠦᠴᠢᠷᠳᠡᠯ ᠪᠠ | ᠠᠰᠠᠭᠤᠳᠠᠯ ᠣᠷᠣᠰᠢᠵᠤ ᠪᠠᠶᠢᠭ᠎ᠠ ᠪᠣᠯᠪᠠᠴᠤ ᠠᠰᠢᠭᠲᠠᠶ ᠨᠥᠬᠦᠴᠡᠯ ᠨᠡᠮᠡᠭᠳᠡᠵᠦ ᠪᠤᠢ᠂ ᠣᠷᠣᠨ ᠳᠠᠶᠠᠭᠠᠷ ᠢᠶᠠᠨ ᠢᠲᠡᠭᠡᠯ | ᠵᠣᠷᠢᠭ ᠢᠶᠠᠨ ᠨᠡᠮᠡᠭᠳᠡᠭᠦᠯᠦᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ | ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠠᠵᠤ ᠠᠬᠤᠢ ᠶᠢᠨ ᠵᠢᠮ᠎ᠡ ᠶᠣᠰᠣ ᠶᠢ ᠦᠨᠳᠦᠰᠦᠯᠡᠨ | ᠳᠤᠲᠠᠭᠤᠳᠠᠯ ᠢᠶᠠᠨ ᠨᠥᠬᠦᠪᠥᠷᠢᠯᠡᠵᠦ᠂ ᠪᠡᠯᠡ ᠣᠷᠣᠭᠤᠯᠤᠯᠲᠠ ᠶᠢ ᠥᠷᠭᠡᠳᠭᠡᠬᠦ᠂ ᠬᠡᠷᠡᠭᠯᠡᠭᠡ ᠶᠢ ᠠᠬᠢᠭᠤᠯᠬᠤ᠂ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ ᠪᠣᠳᠠᠲᠠᠢ ᠠᠵᠢᠯ ᠤᠨ ᠲᠥᠰᠦᠯ ᠢ ᠱᠠᠯᠠᠪᠳᠠᠨ ᠲᠣᠭᠲᠠᠭᠠᠵᠤ ᠬᠡᠷᠡᠭᠵᠢᠭᠦᠯᠬᠦ | ᠬᠡᠷᠡᠭᠲᠡᠢ᠃ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ᠂ | ᠳᠠᠷᠤᠬᠳᠠᠮᠠᠯ ᠪᠡᠯᠡ ᠮᠥᠩᠭᠦ᠂ ᠬᠠᠭᠠᠰ ᠪᠠᠷᠢᠬᠰᠠᠨ ᠪᠠᠷᠢᠯᠭ᠎ᠠ ᠪᠣᠯᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ ᠶᠡᠭᠡ ᠪᠠᠷ ᠪᠠᠶᠢᠳᠠᠯ ᠢ ᠦᠢᠯᠠᠭᠠᠵᠥ᠂ ᠣᠷᠣᠰᠢᠵᠤ ᠪᠠᠶᠢᠭ᠎ᠠ ᠳᠣᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠬᠢ ᠪᠠᠶᠠᠯᠢᠭ ᠢ ᠠᠮᠢᠳᠤᠯᠢᠭᠵᠢᠭᠤᠯᠤᠨ᠂ ᠦᠷ᠎ᠡ ᠠᠰᠢᠭ ᠢ ᠪᠠᠳᠠᠷᠠᠭᠤᠯᠬᠤ | ᠬᠡᠷᠡᠭᠲᠡᠶ᠃ ᠪᠦᠷᠢᠯᠭᠡᠨ ᠰᠦᠢᠳᠭᠡᠬᠦ ᠶᠢ ᠡᠰᠡᠷᠭᠦᠴᠡᠨ᠂ ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ | ᠳᠠᠩᠰᠠ ᠶᠢ ᠲᠣᠭᠲᠠᠭᠠᠵᠤ᠂ ᠡᠬᠢ ᠪᠠᠶᠠᠯᠢᠭ ᠢ ᠠᠷᠪᠢᠯᠠᠨ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠮᠠᠯ ᠠᠵᠤ | ᠠᠬᠤᠶ ᠲᠠᠷᠢᠶᠠᠯᠠᠩ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠭ᠎ᠠ ᠬᠡᠮᠵᠢᠶ᠎ᠡ ᠶᠢ ᠥᠷᠭᠡᠳᠭᠡᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠭᠠᠷᠤᠯᠳᠠ ᠶᠢ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ | ᠤᠯᠬᠤ ᠪᠠᠷ ᠴᠢᠷᠮᠠᠶᠢᠬᠤ ᠬᠡᠷᠡᠭᠲᠡᠶ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ | ᠠᠵᠢᠯ ᠣᠯᠭᠤᠯᠲᠠ᠂ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠ ᠣᠯᠠᠨ ᠲᠦᠮᠡᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠠᠪᠬᠤ ᠵᠡᠷᠭᠡ ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ | ᠬᠡᠮᠵᠢᠭᠳᠡᠯ ᠳᠤ ᠬᠦᠷᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |