ᠮᠠᠨ ᠤ ᠤᠷᠤᠨ ᠬᠦᠨᠳᠦ ᠣᠨᠴᠠ ᠶᠡᠭᠡ ᠡᠪᠡᠳᠴᠢᠨ ᠤ ᠡᠮ ᠡᠮᠨᠡᠯᠬᠡ ᠶᠢᠨ ᠳᠠᠭᠠᠳᠬᠠᠯ ᠪᠣᠯᠤᠨ ᠠᠪᠤᠷᠠᠨ ᠲᠤᠰᠠᠯᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2022/7/12
     7 ᠰᠠᠷ᠎ᠠ ᠶᠢᠨ 8 ᠤ ᠡᠲᠤᠷ ᠬᠤᠷᠠᠯᠳᠤᠭᠤᠯᠤᠭᠰᠠᠨ ︽ᠬᠦᠨᠳᠦ ᠣᠨᠴᠠ ᠶᠡᠭᠡ ᠡᠪᠡᠳᠴᠢᠨ ᠤ ᠡᠮ ᠡᠮᠨᠡᠯᠬᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠳᠦᠰᠦᠨ ᠡᠮ ᠡᠮᠨᠡᠯᠬᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠶ᠋ᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠠᠢ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠡᠮ ᠡᠮᠨᠡᠯᠬᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠭᠤᠷᠪᠠᠨ ᠳᠠᠪᠬᠤᠷ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠵᠠᠢ᠃ ᠣᠳᠣᠬᠠᠨ ᠳᠤ ᠪᠥᠬᠦ ᠣᠷᠣᠨ ᠳᠤ ᠨᠢᠭᠡᠨᠲᠡ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ︔ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠂ ᠪᠥᠬᠦ ᠣᠷᠣᠨ ᠤ ᠬᠦᠨᠳᠦ ᠡᠪᠡᠳᠴᠢᠨ ᠤ ᠳᠠᠭᠠᠳᠬᠠᠯ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠳ ᠢ ᠪᠦᠷᠢᠨ ᠬᠠᠮᠤᠷᠬᠤ ᠶᠢ ᠪᠡᠶᠡᠯᠡᠭᠦᠯᠪᠡ︔ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠪᠠᠬᠢᠵᠢᠭᠦᠯᠵᠦ᠂ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ ᠳᠣᠲᠣᠷ᠎ᠠ᠂ ᠭᠤᠤᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠰᠦᠪᠡᠨ ᠳᠥᠯᠥᠬᠦ ᠡᠮᠨᠡᠯᠭᠡ ᠳᠤ ᠰᠠᠭᠤᠬᠤ ᠡᠮᠴᠢᠯᠡᠭᠡᠨ ᠤ ᠵᠠᠷᠤᠳᠠᠯ ᠤᠨ ᠠᠪᠤᠷᠠᠨ ᠲᠤᠰᠠᠯᠠᠬᠤ ᠬᠠᠷᠢᠴᠠᠯ ᠢ 70% ᠠᠴᠠ ᠳᠤᠤᠷ᠎ᠠ ᠪᠠᠶᠢᠯᠭᠠᠬᠤ ᠥᠬᠡᠶ ᠶᠢ ᠪᠠᠳᠤᠯᠠᠪᠠ᠃      ︽ᠬᠡᠷᠡᠭᠵᠢᠭᠦᠯᠬᠦ ᠰᠠᠨᠠᠯ︾ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠵᠢᠷᠤᠮᠵᠢᠭᠤᠯᠤᠨ᠂ ᠲᠥᠪ ᠭᠤᠤᠯᠴᠢ ᠪᠥᠭᠡᠳ ᠵᠣᠬᠢᠰᠲᠠᠶ ᠣᠯᠭᠤᠮᠵᠢ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠤᠨ ᠦᠷᠭᠦᠯᠵᠢᠯᠡᠬᠦ ᠴᠢᠨᠠᠷ ᠢ ᠴᠢᠩᠭᠠᠷᠠᠭᠤᠯᠤᠨ᠎ᠠ᠃ ᠨᠢᠭᠡ ᠳᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠲᠣᠳᠣᠷᠬᠠᠶᠢᠯᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠡᠮ ᠡᠮᠨᠡᠯᠭᠡ ᠶᠢᠨ ᠠᠪᠤᠷᠠᠨ ᠲᠤᠰᠠᠯᠠᠬᠤ ᠡᠲᠡᠭᠡᠳ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠭᠠᠷᠤᠭᠰᠠᠨ ᠡᠮᠨᠡᠯᠭᠡ ᠳᠤ ᠰᠠᠭᠤᠭᠰᠠᠨ ᠵᠠᠷᠤᠳᠠᠯ ᠢ ᠬᠠᠮᠤᠷᠴᠤ᠂ ᠤᠳᠠᠭᠠᠨ ᠴᠢᠨᠠᠷᠲᠠᠶ ᠡᠪᠡᠳᠴᠢᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠡᠷᠪᠡᠭᠳᠡᠵᠦ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠ ᠲᠠᠢ ᠵᠠᠷᠤᠳᠠᠯ ᠢ ᠪᠠᠭᠲᠠᠭᠠᠨ᠎ᠠ᠃ ᠦᠨᠳᠦᠰᠦᠨ ᠡᠮ ᠡᠮᠨᠡᠯᠬᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠬᠤᠪᠢ ᠬᠥᠮᠦᠨ ᠤ ᠥᠪᠡᠷ ᠢᠶᠠᠨ ᠥᠭᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠳᠤ ᠣᠷᠣᠭᠤᠯᠤᠨ᠎ᠠ᠃ ᠬᠤᠶᠠᠷ ᠲᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠲᠤ ᠵᠠᠷᠴᠢᠮ ᠳᠡᠭᠡᠷ᠎ᠡ ᠪᠠᠨ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠥᠬᠡᠶ ᠪᠣᠯᠭᠠᠵᠤ᠂ ᠲᠦᠷ ᠨᠥᠬᠦᠴᠡᠯ ᠪᠦᠷᠢᠯᠳᠦᠭᠦᠯᠦᠭᠡᠳᠦᠶ ᠭᠠᠵᠠᠷ ᠣᠷᠣᠨ ᠤ ᠡᠬᠢᠯᠡᠵᠦ ᠥᠭᠬᠦ ᠪᠠᠷᠢᠮᠵᠢᠶ᠎ᠠ ᠶᠢ ᠪᠠᠶᠢᠭ᠎ᠠ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5% ᠠᠴᠠ ᠥᠨᠳᠥᠷ ᠪᠠᠶᠢᠯᠭᠠᠵᠤ ᠪᠣᠯᠬᠤ ᠥᠬᠡᠶ ᠪᠥᠭᠡᠳ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠥᠬᠡᠶ ᠪᠣᠯᠭᠠᠬᠤ ᠶᠢ ᠠᠯᠬᠤᠮ ᠠᠯᠬᠤᠮ ᠢᠶᠠᠷ ᠰᠦᠪᠡᠭᠴᠢᠯᠡᠨ᠎ᠡ᠃ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠭᠡᠷ ᠪᠦᠯᠢ ᠶᠢᠨ ᠪᠦᠷᠢᠯᠳᠦᠬᠦᠨ ᠤ ᠡᠬᠢᠯᠡᠵᠦ ᠥᠭᠬᠦ ᠪᠠᠷᠢᠮᠵᠢᠶ᠎ᠠ ᠶᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠢᠶᠠᠷ ᠲᠣᠭᠲᠠᠭᠠᠵᠤ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 25% ᠣᠷᠴᠢᠮ ᠢᠶᠠᠷ ᠲᠣᠭᠲᠠᠭᠠᠨ᠎ᠠ᠃ ᠭᠤᠷᠪᠠ ᠳᠤ᠂ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠲᠡᠭᠦᠯᠳᠡᠷᠵᠢᠭᠦᠯᠦᠨ᠎ᠡ᠃ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠶᠢᠨ ᠬᠠᠮᠲᠤ ᠪᠠᠷ ᠬᠡᠷᠡᠭᠯᠡᠬᠦ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠴᠢᠩᠭᠠᠳᠬᠠᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠠᠶᠢᠮᠠᠭ ᠬᠤᠲᠠ ᠶᠢ ᠱᠠᠯᠠᠪᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠶᠢ ᠵᠢᠯᠣᠭᠤᠳᠤᠨ᠂ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号