ᠬᠦᠨᠳᠦ ᠨᠠᠷᠠᠰᠢᠬᠤ ᠡᠪᠡᠳᠴᠢᠨ ᠬᠡᠳᠦᠢ ᠠᠶᠤᠮᠰᠢᠭᠲᠠᠢ ᠪᠣᠢ︖
ᠨᠡᠶᠢᠲᠡᠯᠡᠭᠰᠡᠨ ᠴᠠᠭ᠄
2022/7/13
       ᠠᠭᠠᠷ ᠤᠨ ᠳᠤᠯᠠᠭᠠᠨ ᠬᠡᠲᠦ ᠥᠨᠳᠥᠷ ᠠᠴᠠ ᠪᠣᠯᠵᠤ ᠵᠧᠵᠢᠶᠠᠩ ᠤᠨ ᠣᠯᠠᠨ ᠡᠮᠨᠡᠯᠭᠡ ᠳᠤ ᠬᠦᠨᠳᠦ ᠨᠠᠷᠠᠰᠢᠭᠰᠠᠨ ᠡᠪᠡᠳᠴᠢᠲᠡᠨ ᠣᠯᠠᠰᠢᠷᠠᠵᠠᠢ᠃ ᠡᠭᠦᠨ ᠠᠴᠠ ᠭᠠᠳᠠᠨ᠎ᠠ᠂ ᠨᠠᠨᠵᠢᠩ᠂ ᠰᠧᠴᠤᠸᠠᠨ ᠵᠡᠷᠭᠡ ᠭᠠᠵᠠᠷ ᠲᠤ ᠴᠦ ᠬᠦᠨᠳᠦ ᠨᠠᠷᠠᠰᠢᠭᠰᠠᠨ ᠡᠪᠡᠳᠴᠢᠲᠡᠨ ᠢᠯᠡᠷᠡᠵᠦ᠂ ᠵᠠᠷᠢᠮ ᠨᠢ ᠠᠮᠢ ᠪᠠᠨ ᠠᠯᠳᠠᠵᠠᠢ᠃ ᠬᠦᠨᠳᠦ ᠨᠠᠷᠠᠰᠢᠬᠤ ᠡᠪᠡᠳᠴᠢᠨ ᠨᠢ ᠶᠡᠷᠦ ᠶᠢᠨ ᠨᠠᠷᠠᠰᠢᠬᠤ ᠲᠠᠢ ᠠᠳᠠᠯᠢ ᠦᠭᠡᠢ᠂ ᠬᠦᠨᠳᠦ ᠨᠣᠴᠢᠲᠠᠢ ᠨᠠᠷᠠᠰᠢᠭᠰᠠᠨ ᠠᠴᠠ ᠪᠣᠯᠵᠤ᠂ ᠪᠡᠶ᠎ᠡ ᠶᠢᠨ ᠳᠣᠲᠣᠷ ᠬᠠᠯᠠᠭᠤᠨ ᠨᠢ ᠬᠡᠲᠦ ᠥᠨᠳᠥᠷ ᠪᠣᠯᠵᠤ᠂ ᠥᠪᠡᠷ ᠤᠨ ᠪᠡᠶ᠎ᠡ ᠶᠢᠨ ᠳᠤᠯᠠᠭᠠᠨ ᠢᠶᠠᠨ ᠵᠣᠬᠢᠴᠠᠭᠤᠯᠬᠤ ᠴᠢᠳᠠᠪᠤᠷᠢ ᠪᠠᠨ ᠠᠯᠳᠠᠵᠤ᠂ ᠡᠭᠦᠨ ᠤ ᠤᠯᠠᠮ ᠢᠶᠠᠷ ᠮᠡᠳᠡᠷᠡᠯ ᠪᠣᠯᠣᠨ ᠡᠯ᠎ᠡ ᠡᠷᠬᠡᠲᠡᠨ ᠨᠢ ᠭᠡᠮᠲᠦᠵᠦ᠂ ᠴᠢᠨᠠᠭᠰᠢᠯᠠᠪᠠᠯ ᠠᠮᠢ ᠨᠠᠰᠤᠨ ᠤ ᠠᠶᠤᠯ ᠳᠤ ᠬᠦᠷᠳᠡᠭ᠃ ᠡᠮᠴᠢ ᠶᠢᠨ ᠬᠡᠯᠡᠬᠦ ᠪᠠᠷ᠂ ᠬᠦᠨᠳᠦ ᠨᠠᠷᠠᠰᠢᠭᠰᠠᠨ ᠡᠪᠡᠳᠴᠢᠲᠡᠨ ᠤ ᠳᠣᠲᠣᠷ ᠡᠷᠬᠡᠲᠡᠨ ᠨᠢ ᠤᠰᠤᠨ ᠳᠤ ᠴᠢᠨᠠᠭᠰᠠᠨ ᠰᠢᠭ᠋ ᠪᠣᠯᠴᠢᠬᠠᠳᠠᠭ ᠭᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号