ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/7/18
       7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃        ᠬᠤᠷᠠᠯ ᠠᠴᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠵᠤ᠂ ᠭᠤᠤᠯᠳᠠᠯᠭ᠎ᠠ ᠲᠠᠢ ᠬᠡᠷᠡᠭ ᠢ ᠴᠢᠩᠭ᠎ᠠ ᠠᠩᠬᠠᠷᠴᠤ᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾᠂ ︽ᠨᠢᠭᠡ ᠶᠠᠪᠤᠳᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠶᠢ ᠪᠠᠷᠢᠮᠲᠠᠯᠠᠵᠤ᠂ ᠠᠵᠢᠯ ᠤᠨ ᠬᠤᠭᠤᠴᠠᠭ᠎ᠠ ᠶᠢ ᠤᠷᠢᠳᠴᠢᠯᠠᠨ ᠲᠣᠬᠢᠷᠠᠭᠤᠯᠵᠤ᠂ ᠠᠬᠢᠴᠠ ᠶᠢ ᠨᠢᠬᠳᠠ ᠠᠩᠬᠠᠷᠴᠤ᠂ ᠪᠠᠷᠢᠮᠵᠢᠶ᠎ᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠲᠤᠭᠤᠰᠢᠲᠠᠶ ᠲᠦᠢᠯᠪᠤᠷᠢᠳᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠵᠤ᠂ ᠳᠤᠲᠠᠭᠤᠳᠠᠯ ᠪᠠ ᠳᠤᠲᠠᠭᠳᠠᠯ ᠢᠶᠠᠨ ᠨᠥᠬᠦᠪᠥᠷᠢᠯᠡᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠨᠢᠬᠳᠠ ᠴᠢᠩᠭ᠎ᠠ ᠠᠩᠬᠠᠷᠴᠤ᠂ ᠤᠴᠢᠷ ᠶᠠᠪᠤᠳᠠᠯ ᠪᠣᠯᠭᠠᠨ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠬᠠᠷᠢᠭᠤ ᠲᠤᠰᠬᠠᠯ ᠲᠠᠢ᠂ ᠦᠷ᠎ᠡ ᠳ᠋ᠦᠩ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠡᠨᠧᠷᠬᠢ ᠲᠤᠤᠷ ᠳᠠᠭᠠᠭᠠᠴᠠ ᠨᠦᠬᠡᠴᠡ ᠶᠢ ᠨᠢᠭᠡ ᠴᠤᠬᠴᠠᠵᠢᠭᠤᠯᠬᠤ᠂ ᠰᠢᠲᠠᠭᠠᠯᠭ᠎ᠠ ᠶᠢᠨ ᠨᠡᠭᠦᠷᠡᠰᠦ ᠪᠠᠷ ᠥᠪᠡᠷ ᠲᠡᠭᠡᠨ ᠴᠠᠬᠢᠯᠭᠠᠨ ᠭᠠᠷᠭᠠᠵᠤ ᠬᠡᠷᠡᠭᠯᠡᠬᠦ ᠴᠠᠬᠢᠯᠭᠠᠨ ᠦᠢᠯᠡᠳᠪᠦᠷᠢ ᠶᠢᠨ ᠳᠠᠬᠢᠨ ᠡᠭᠦᠰᠴᠦ ᠪᠤᠯᠬᠤ ᠡᠨᠧᠷᠭᠢ ᠪᠠᠷ ᠣᠷᠣᠯᠠᠭᠤᠯᠬᠤ ᠢᠨᠵᠧᠨᠧᠷᠢᠩ᠂ ᠰᠠᠯᠬᠢᠨ ᠪᠠ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠤᠬᠴᠠᠵᠢᠭᠤᠯᠬᠤ ᠵᠡᠷᠭᠡ ᠵᠠᠬ᠎ᠠ ᠳᠡᠯᠭᠡᠭᠦᠷᠴᠢᠯᠡᠨ ᠲᠣᠣᠷᠵᠢᠭᠤᠯᠤᠭᠰᠠᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠬᠡᠷᠡᠭᠵᠢᠭᠦᠯᠬᠦ ᠨᠠᠷᠢᠨ ᠲᠦᠷᠢᠮ ᠢ ᠰᠤᠳᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ᠂ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠬᠡᠷᠡᠭᠯᠡᠭᠡᠨ ᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠲᠦᠷᠭᠡᠳᠭᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠪᠣᠯᠤᠨ ᠡᠨᠧᠷᠭᠢ ᠬᠠᠳᠠᠭᠠᠯᠠᠬᠤ ᠠᠵᠤ ᠦᠢᠯᠡᠰ ᠢ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号