ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠰᠦᠨ ᠱᠤᠤ ᠴᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/7/18
       7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠮᠠᠨ ᠤ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠰᠢᠶᠠᠩᠭᠠᠩ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠢᠯᠠᠩᠭᠤᠶ᠎ᠠ ᠡᠨᠧᠷᠭᠢ ᠶᠢᠨ ᠡᠬᠢ ᠪᠠᠶᠠᠯᠢᠭ ᠡᠯᠪᠡᠭ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠣᠷᠣᠨ ᠪᠠᠶᠢᠷᠢᠯᠠᠯ ᠥᠪᠡᠷᠮᠢᠴᠡ ᠵᠡᠷᠭᠡ ᠲᠠᠯ᠎ᠠ ᠶᠢᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠰᠢᠶᠠᠩᠭᠠᠩ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠣᠯᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠶ᠃ ᠪᠡᠯᠡ ᠮᠥᠩᠭᠦ ᠤᠷᠤᠭᠤᠯᠬᠤ ᠪᠠ ᠤᠶᠤᠨ ᠤᠬᠠᠭᠠᠨ ᠢ ᠤᠷᠤᠭᠤᠯᠵᠤ ᠴᠢᠳᠠᠪᠤᠷᠢᠳᠠᠨ ᠢ ᠤᠷᠤᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠰᠢᠶᠠᠩᠭᠠᠩ ᠤᠨ ᠪᠡᠯᠡ ᠮᠥᠩᠭᠦ᠂ ᠠᠵᠤ ᠠᠬᠤᠶᠢᠯᠠᠯ ᠪᠠ ᠴᠢᠳᠠᠪᠤᠷᠢᠲᠠᠨ ᠢ ᠨᠡᠩ ᠰᠠᠶᠢᠲᠤᠷ ᠤᠷᠤᠭᠤᠯᠤᠨ ᠠᠪᠴᠢᠷᠠᠬᠤ ᠬᠡᠷᠡᠭᠲᠡᠢ᠃ ᠡᠭᠦᠨ ᠤ ᠬᠠᠮᠲᠤ᠂ ᠰᠢᠶᠠᠩᠭᠠᠩ ᠤᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠡᠳᠡᠨ ᠤ ᠥᠪᠥᠷ ᠮᠣᠩᠭᠤᠯ ᠳᠤ ᠬᠦᠭᠵᠢᠬᠦ ᠳᠤ ᠰᠡᠳᠭᠢᠯ ᠠᠮᠤᠷ᠂ ᠲᠠᠭᠠᠯᠠᠮᠵᠢᠲᠡᠢ ᠪᠠᠶᠢᠬᠤ ᠶᠢ ᠪᠡᠶᠡᠯᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠵᠦᠢᠯ ᠤᠨ ᠴᠢᠳᠠᠪᠤᠷᠢᠲᠠᠨ ᠤ ᠲᠤᠬᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ᠂ ᠮᠠᠨ ᠤ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠳᠠᠪᠤᠷᠢᠲᠠᠨ ᠢ ᠦᠨᠡᠨ ᠬᠦ ᠤᠷᠤᠭᠤᠯᠬᠤ᠂ ᠵᠢᠩᠬᠢᠨᠢ ᠴᠢᠳᠠᠪᠤᠷᠢᠲᠠᠨ ᠢ ᠤᠷᠤᠭᠤᠯᠬᠤ ᠠᠵᠢᠯ ᠢ ᠶᠡᠭᠡ ᠬᠦᠴᠦ ᠤᠷᠤᠭᠤᠯᠤᠨ ᠬᠢᠬᠦ ᠬᠡᠷᠡᠭᠲᠡᠢ᠂ ᠬᠡᠯᠪᠡᠷᠢ ᠳᠤ ᠪᠠᠷᠢᠭᠳᠠᠭᠰᠠᠨ ᠤ ᠬᠡᠷᠡᠭ ᠦᠭᠡᠢ᠂ ᠵᠠᠩᠭᠢᠯᠠᠭ᠎ᠠ ᠨᠢ ᠦᠷ᠎ᠡ ᠳ᠋ᠦᠩ ᠢ ᠦᠵᠡᠵᠦ᠂ ᠴᠢᠳᠠᠪᠤᠷᠢᠲᠠᠨ ᠤ ᠦᠢᠯᠡᠳᠦᠯ ᠢ ᠪᠠᠳᠠᠷᠠᠭᠤᠯᠵᠤ᠂ ᠬᠤᠪᠢ ᠨᠡᠮᠡᠷᠢ ᠦᠵᠡᠭᠦᠯᠬᠦ ᠳᠤ ᠪᠠᠶᠢᠨ᠎ᠠ᠃ ᠪᠣᠳᠠᠲᠠᠢ ᠶᠢ ᠡᠷᠬᠢᠮᠯᠡᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠠᠵᠢᠯ ᠤᠨ ᠬᠡᠶᠢᠰᠪᠦᠷᠢ ᠪᠠᠷ ᠶᠠᠪᠤᠬᠳᠠᠬᠤ ᠶᠢ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠬᠢᠵᠢᠭ ᠡᠭᠦᠰᠦᠭᠰᠡᠨ ᠭᠠᠵᠠᠷ ᠣᠷᠣᠨ ᠤ ᠬᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠶᠢ ᠲᠦᠷᠭᠡᠨ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃        ᠬᠤᠷᠠᠯ ᠠᠴᠠ ᠤᠯᠤᠰ ᠲᠥᠷᠥ ᠬᠠᠤᠯᠢ ᠴᠠᠭᠠᠵᠠ ᠶᠢᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠰᠤᠳᠤᠯᠤᠨ ᠶᠠᠷᠢᠯᠴᠠᠬᠤ ᠠᠩᠭᠢ᠂ ᠤᠯᠤᠰ ᠲᠥᠷᠥ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭ᠎ᠠ ᠠᠴᠠ ᠴᠢᠩᠭ᠎ᠠ ᠪᠣᠳᠠᠲᠠᠶ ᠠᠴᠠ ᠪᠣᠳᠠᠲᠠᠶ ᠰᠠᠶᠢᠲᠤᠷ ᠠᠳᠬᠤᠵᠤ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢᠨ ᠠᠵᠢᠯᠯᠠᠭᠠᠨ ᠤ ᠲᠣᠭᠲᠡᠴᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠡᠴᠡ ᠶᠢᠨ ᠲᠠᠯ᠎ᠠ ᠪᠠᠷ ᠡᠷᠬᠡ ᠶᠢ ᠬᠠᠮᠢᠶᠠᠷᠬᠤ ᠶᠢ ᠨᠡᠩ ᠴᠢᠬᠤᠯᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠮᠠᠨ ᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠵᠥᠪ ᠲᠠᠯ᠎ᠠ ᠶᠢᠨ ᠲᠦᠷᠢ ᠲᠥᠷᠬᠦ ᠶᠢ ᠳᠠᠷᠤᠢ ᠲᠦᠷᠭᠡᠨ ᠱᠤᠭᠤᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃        ᠬᠤᠷᠠᠯ ᠠᠴᠠ ᠪᠥᠬᠦ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠰᠠᠶᠢᠲᠤᠷ ᠬᠢᠬᠦ ᠳᠤ ᠡᠯ᠎ᠡ ᠱᠠᠲᠤᠨ ᠤ ᠡᠪᠯᠡᠯ ᠤᠨ ᠬᠤᠷᠢᠶ᠎ᠠ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠮᠲᠤ ᠪᠠᠷ ᠴᠢᠷᠮᠠᠶᠢᠵᠤ᠂ ᠨᠢᠭᠲᠠ ᠬᠠᠮᠵᠢᠯᠴᠠᠬᠤ ᠬᠡᠷᠡᠭᠲᠡᠶ᠃ ᠪᠠᠭᠠᠴᠤᠳ ᠬᠡᠦᠬᠡᠳ ᠤᠨ ᠦᠵᠡᠯ ᠰᠠᠨᠠᠭ᠎ᠠ ᠪᠠ ᠪᠡᠶ᠎ᠡ ᠰᠡᠳᠭᠢᠴᠠ ᠶᠢᠨ ᠣᠨᠴᠠᠯᠢᠭ ᠲᠤ ᠴᠢᠭᠯᠡᠭᠦᠯᠦᠨ᠂ ᠶᠣᠰᠣᠯᠠᠯ ᠤᠨ ᠴᠢᠨᠠᠷ ᠢᠶᠠᠷ ᠴᠢᠩᠭ᠎ᠠ᠂ ᠰᠡᠳᠭᠢᠯ ᠵᠢᠷᠦᠬᠡᠨ ᠳᠡᠭᠡᠨ ᠬᠠᠳᠠᠩᠰᠢᠭᠤᠯᠬᠤ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠤᠨ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠪᠣᠳᠠᠲᠠᠢ ᠬᠢᠵᠦ᠂ ᠬᠤᠶᠢᠴᠢ ᠦᠶ᠎ᠡ ᠶᠢᠨ ᠬᠢᠨ ᠤ ᠦᠨᠡᠨ ᠰᠡᠳᠭᠢᠯ ᠠᠴᠠ ᠪᠠᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠢᠨᠠᠭᠰᠢᠳᠠ ᠪᠠᠳᠤᠳᠬᠠᠨ ᠪᠠᠬᠢᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾᠂ ︽︿ᠢᠨᠲ᠋ᠧᠷ ᠰᠦᠯᠵᠢᠶ᠎ᠡ + ᠰᠤᠷᠭᠠᠨ ᠬᠥᠮᠦᠵᠢᠯ﹀ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号