ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠸᠢᠴᠠᠲ ᠤᠨ | ᠣᠯᠠᠨ ᠨᠡᠶᠢᠲᠡ ᠶᠢᠨ ᠳ᠋ᠤᠭᠠᠷ ᠤᠨ 13 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠷ ᠮᠡᠳᠡᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠲᠣᠭᠲᠠᠭᠠᠯ ᠢ | ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠬᠦᠳᠡᠭᠡ ᠠᠵᠦ | ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠪᠣᠭᠤᠮᠲᠠ ᠶᠢᠨ ᠶᠡᠷᠦᠩᠬᠡᠶ ᠵᠠᠬᠢᠷᠭ᠎ᠠ ᠬᠠᠮᠲᠤᠷᠠᠨ ︽ᠠᠯᠲᠠ ᠮᠦᠩᠭᠦᠨ ᠢᠯᠲᠠᠰᠤᠳᠤ ᠢᠳᠡᠭᠡᠨ ᠪᠤᠷᠤᠯᠠᠭᠤᠯᠬᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠲᠣᠭᠲᠠᠭᠠᠯ︾ ᠢ ᠨᠡᠶᠢᠲᠡᠯᠡᠪᠡ᠃ | ᠡᠭᠦᠨ ᠳᠤ᠂ ᠠᠯᠲᠠ ᠮᠥᠩᠭᠦᠨ ᠢᠯᠲᠠᠰᠤ ᠶᠢᠨ ᠨᠤᠨᠲᠠᠭ ᠢ ︽ᠢᠳᠡᠭᠡᠨ ᠤ ᠠᠮᠤᠷ ᠲᠦᠪᠰᠢᠨ ᠤ ᠤᠯᠤᠰ ᠤᠨ | ᠪᠠᠷᠢᠮᠵᠢᠶ᠎ᠠ᠂ ᠢᠳᠡᠭᠡᠨ ᠤ ᠨᠡᠮᠡᠯᠲᠡ ᠡᠳ᠋ ᠬᠡᠷᠡᠭᠯᠡᠬᠦ ᠪᠠᠷᠢᠮᠵᠢᠶ᠎ᠠ︾ ︵GB 27602014︶ ᠳᠤ ᠣᠷᠣᠭᠤᠯᠤᠭᠰᠠᠨ | ᠥᠬᠡᠶ᠂ ᠢᠳᠡᠭᠡᠨ ᠤ ᠨᠡᠮᠡᠯᠲᠡ ᠡᠳ᠋ ᠲᠤ ᠬᠠᠷᠢᠶᠠᠯᠠᠭᠳᠠᠬᠤ ᠥᠬᠡᠶ᠂ ᠢᠳᠡᠭᠡᠨ ᠤ ᠲᠦᠭᠦᠬᠡᠶ ᠡᠳ᠋ ᠪᠢᠰᠢ᠂ ᠢᠳᠡᠭᠡᠨ ᠤ | ᠦᠢᠯᠡᠳᠪᠤᠷᠢᠯᠡᠯ ᠡᠵᠡᠩᠨᠡᠯᠲᠡ ᠳᠤ ᠬᠡᠷᠡᠭᠯᠡᠵᠦ ᠪᠣᠯᠬᠤ ᠥᠬᠡᠶ ᠭᠡᠵᠦ ᠲᠤᠲᠤᠷᠬᠠᠶᠢᠯᠠᠵᠠᠢ᠃ | ᠲᠣᠭᠲᠠᠭᠠᠯ ᠳᠤ ᠱᠠᠭᠠᠷᠳᠠᠭᠰᠠᠨ ᠨᠢ᠂ ᠢᠳᠡᠭᠡᠨ ᠦᠢᠯᠡᠳᠪᠤᠷᠢᠯᠡᠭᠴᠢᠳ ᠢᠳᠡᠭᠡᠨ ᠤ ᠠᠮᠤᠷ ᠲᠦᠪᠰᠢᠨ ᠤ | ᠬᠠᠤᠯᠢ ᠲᠣᠭᠲᠠᠭᠠᠯ ᠵᠢᠴᠢ ᠪᠠᠷᠢᠮᠵᠢᠶ᠎ᠠ ᠶᠣᠰᠣᠭᠠᠷ ᠢᠳᠡᠭᠡᠨ ᠦᠢᠯᠡᠳᠪᠤᠷᠢᠯᠡᠵᠦ ᠡᠳ᠋ᠰᠢᠬᠦᠯᠬᠦ ᠬᠡᠷᠡᠭᠲᠡᠶ᠂ ᠲᠦᠭᠦᠬᠡᠶ | ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠬᠤᠳᠠᠯᠳᠤᠨ ᠠᠪᠬᠤ ᠶᠢ ᠬᠢᠵᠠᠭᠠᠷᠯᠠᠬᠤ ᠪᠠᠨ ᠴᠢᠩᠭᠠᠳᠬᠠᠬᠤ ᠬᠡᠷᠡᠭᠲᠡᠶ᠂ ᠠᠯᠲᠠ | ᠮᠥᠩᠭᠦᠨ ᠢᠯᠲᠠᠰᠤ ᠶᠢᠨ ᠨᠤᠨᠲᠠᠭ ᠢ ᠬᠤᠳᠠᠯᠳᠤᠨ ᠠᠪᠴᠤ ᠬᠡᠷᠡᠭᠯᠡᠨ ᠢᠳᠡᠭᠡᠨ ᠡᠳ᠋ᠰᠢᠬᠦᠯᠵᠦ ᠪᠣᠯᠬᠤ ᠥᠬᠡᠶ᠃ | ᠢᠳᠡᠭᠡᠨ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠤᠭᠴᠢ ᠪᠠᠷᠠᠭ᠎ᠠ ᠣᠷᠣᠭᠤᠯᠬᠤ | ᠰᠢᠯᠭᠠᠯᠲᠠ ᠪᠠᠨ ᠴᠢᠩᠭᠠᠳᠬᠠᠵᠤ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠵᠢᠴᠢ ᠢᠳᠡᠭᠡᠨ ᠳᠤ | ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠷᠣᠯᠠᠭᠤᠯᠵᠤ ᠪᠣᠯᠬᠤ ᠦᠭᠡᠶ᠃ ᠬᠤᠭᠤᠯᠠ | ᠤᠮᠳᠠᠭᠠᠨ ᠤ ᠦᠢᠯᠡᠴᠢᠯᠡᠭᠡ ᠬᠠᠩᠭᠠᠭᠴᠢᠳ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ | ᠬᠠᠮᠢᠶᠠᠷᠤᠯᠲᠠ ᠪᠠᠨ ᠴᠢᠩᠭᠠᠳᠬᠠᠵᠤ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠦᠢᠯᠡᠳᠴᠦ᠂ | ᠬᠤᠳᠠᠯᠳᠤᠵᠤ ᠪᠣᠯᠬᠤ ᠦᠭᠡᠶ᠃ ᠡᠭᠦᠨ ᠠᠴᠠ ᠭᠠᠳᠠᠨ᠎ᠠ᠂ ᠢᠳᠡᠭᠡᠨ ᠢ ᠭᠠᠳᠠᠭᠠᠳᠤ ᠠᠴᠠ ᠣᠷᠣᠭᠤᠯᠬᠤ | ᠬᠤᠳᠠᠯᠳᠤᠭᠠᠴᠢᠨ ᠬᠠᠤᠯᠢ ᠶᠣᠰᠣᠭᠠᠷ ᠢᠳᠡᠭᠡᠨ ᠢ ᠭᠠᠳᠠᠭᠠᠳᠤ ᠠᠴᠠ ᠣᠷᠣᠭᠤᠯᠬᠤ ᠬᠡᠷᠡᠭᠲᠡᠢ᠂ ᠭᠠᠳᠠᠭᠠᠳᠤ ᠠᠴᠠ | ᠣᠷᠣᠭᠤᠯᠤᠭᠰᠠᠨ ᠢᠳᠡᠭᠡᠨ ᠨᠢ ᠮᠠᠨ ᠤ ᠤᠯᠤᠰ ᠤᠨ ᠢᠳᠡᠭᠡᠨ ᠤ ᠠᠶᠤᠯᠭᠦᠢ ᠶᠢᠨ ᠤᠯᠤᠰ ᠤᠨ ᠪᠠᠷᠢᠮᠵᠢᠶ᠎ᠠ ᠳᠤ | ᠨᠡᠶᠢᠴᠡᠭᠰᠡᠨ ᠪᠠᠶᠢᠬᠤ ᠬᠡᠷᠡᠭᠲᠡᠢ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠪᠠ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠠᠯᠲᠠ ᠮᠥᠩᠭᠦᠨ ᠢᠯᠲᠠᠰᠤ ᠶᠢ ᠭᠠᠳᠠᠭᠠᠳᠤ ᠠᠴᠠ ᠣᠷᠣᠭᠤᠯᠵᠤ ᠪᠣᠯᠬᠤ | ᠦᠭᠡᠢ ᠭᠡᠵᠡᠢ᠃ | ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |