ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠥᠳᠦᠷ ᠵᠠᠷᠯᠠᠯ | ᠨᠡᠶᠢᠲᠡᠯᠡᠵᠦ᠂ ᠬᠤᠪᠧᠶ ᠮᠤᠵᠢ ᠶᠢᠨ ᠡᠮ ᠤᠨ ᠵᠥᠢᠯ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠤᠳᠤᠯᠭᠠᠨ ᠤ | ᠬᠦᠷᠢᠶᠡᠯᠡᠩ ᠵᠡᠷᠭᠡ 10 ᠡᠮ ᠤᠨ ᠵᠥᠢᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ | ᠳᠡᠮᠵᠢᠨ᠂ ᠷᠦᠢ ᠶᠠᠩ ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 16 ᠠᠵᠤ | ᠠᠬᠤᠶᠢᠯᠠᠯ ᠤᠨ ᠦᠢᠯᠡᠳᠪᠤᠷᠢᠯᠡᠭᠰᠡᠨ ᠡᠲ᠋ᠧᠨ ᠠᠰᠢᠯᠲᠤ ᠬᠠᠭᠠᠰ ᠴᠢᠰᠲ᠋ᠧᠢᠨ ᠲᠠᠷᠢᠯᠭ᠎ᠠ ᠶᠢᠨ ᠰᠢᠩᠭᠡᠨ ᠵᠡᠷᠭᠡ 19 | ᠪᠦᠯᠦᠭ ᠡᠮ ᠤᠨ ᠵᠥᠢᠯ ᠨᠢ ᠲᠣᠭᠲᠠᠭᠠᠯ ᠳᠤ ᠨᠡᠶᠢᠴᠡᠬᠦ ᠥᠬᠡᠶ ᠭᠡᠵᠦ ᠢᠯᠡᠷᠬᠡᠶᠢᠯᠡᠵᠡᠶ᠃ | ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠯᠡᠷᠬᠡᠶᠢᠯᠡᠬᠦ ᠳᠡᠭᠡᠨ᠂ | ᠳᠡᠭᠡᠷ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠥᠬᠡᠶ ᠡᠮ ᠤᠨ ᠵᠥᠢᠯ ᠳᠤ᠂ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠬᠤᠯᠪᠣᠭᠳᠠᠯ ᠪᠥᠬᠦᠶ ᠠᠵᠤ ᠠᠬᠤᠶᠢᠯᠠᠯ ᠪᠠ ᠨᠢᠭᠡᠴᠡ ᠶᠢᠨ | ᠪᠣᠷᠣᠯᠠᠭᠤᠯᠭ᠎ᠠ ᠬᠡᠷᠡᠭᠯᠡᠯᠲᠡ ᠶᠢ ᠲᠦᠷ ᠵᠣᠭᠰᠣᠭᠠᠬᠤ᠂ ᠬᠤᠷᠢᠶᠠᠨ ᠠᠪᠴᠢᠷᠠᠬᠤ ᠵᠡᠷᠭᠡ ᠲᠦᠭᠰᠢᠭᠦᠷᠢ ᠶᠢ ᠬᠢᠵᠠᠭᠠᠷᠯᠠᠬᠤ | ᠠᠷᠭ᠎ᠠ ᠬᠡᠮᠵᠢᠶ᠎ᠡ ᠠᠪᠤᠭᠤᠯᠬᠤ ᠪᠠᠷ ᠱᠠᠭᠠᠷᠳᠠᠵᠤ᠂ ᠲᠣᠭᠲᠠᠭᠠᠯ ᠳᠤ ᠨᠡᠶᠢᠴᠡᠬᠦ ᠥᠬᠡᠶ ᠶᠢ ᠰᠢᠯᠲᠠᠭᠠᠨ ᠢ | ᠪᠠᠶᠢᠴᠠᠭᠠᠬᠤ ᠶᠢᠨ ᠬᠠᠮᠲᠤ᠂ ᠦᠨᠡᠨ ᠬᠦ ᠴᠡᠭᠴᠡᠯᠡᠨ ᠵᠠᠰᠠᠨ᠎ᠠ ᠭᠡᠵᠡᠶ᠃ | ᠡᠭᠦᠨ ᠠᠴᠠ ᠭᠠᠳᠠᠨ᠎ᠠ᠂ ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠤᠯᠪᠣᠭᠳᠠᠯ ᠪᠥᠬᠦᠶ ᠮᠤᠵᠢ ᠶᠢᠨ ᠱᠠᠲᠤᠨ ᠤ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠥᠢᠯ ᠤᠨ ᠬᠠᠮᠢᠶᠠᠷᠤᠯᠲᠠ ᠶᠢᠨ ᠬᠠᠤᠯᠢ︾ ᠶᠢ | ᠦᠨᠳᠦᠰᠦᠯᠡᠨ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠪᠣᠯᠤᠨ ᠨᠢᠭᠡᠴᠡ ᠳᠤ ᠣᠷᠣᠰᠢᠵᠤ ᠪᠠᠶᠢᠭ᠎ᠠ ᠬᠠᠤᠯᠢ ᠠᠴᠠ | ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠭᠰᠡᠨ ᠦᠷ᠎ᠡ ᠳ᠋ᠦᠩ ᠢᠶᠠᠨ ᠢᠯᠡ | ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | | |