ᠤᠳᠤᠷᠢᠳᠬᠤ ᠺᠠᠳ᠋ᠷᠴᠤᠳ ᠤᠨ ᠬᠠᠥᠯᠢ ᠰᠤᠷᠴᠤ ᠬᠠᠥᠯᠢ ᠬᠡᠷᠡᠭᠯᠡᠬᠦ ᠬᠢᠷᠢ ᠲᠦᠪᠰᠢᠨ᠂ ᠬᠠᠥᠯᠢ ᠶᠣᠰᠣᠭᠠᠷ | ᠵᠠᠰᠠᠭ ᠶᠠᠪᠤᠭᠤᠯᠬᠤ᠂ ᠬᠠᠥᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠠᠷᠢᠭᠤᠨ ᠴᠢᠭᠡᠴᠢ ᠪᠠᠷ ᠵᠠᠰᠠᠭ | ᠪᠠᠷᠢᠬᠤ ᠬᠠᠥᠯᠢ ᠪᠠᠷ ᠵᠠᠰᠠᠬᠤ ᠦᠵᠡᠯ ᠤᠬᠠᠮᠰᠠᠷ ᠪᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ︽ᠨᠠᠢᠮᠠᠳᠤᠭᠠᠷ | ᠲᠠᠪᠤᠨ ᠵᠢᠯ︾ ᠤᠨ ᠬᠠᠥᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠦᠲᠦᠮᠵᠢᠲᠡᠢ | ᠲᠦᠯᠬᠢᠨ ᠠᠬᠢᠭᠤᠯᠬᠤ ᠶᠢᠨ ᠲᠤᠰᠠᠳᠠ᠂ ᠣᠶᠢᠷ᠎ᠠ ᠳᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠬᠠᠥᠯᠢ ᠪᠠᠷ ᠬᠤᠰᠢᠭᠤ ᠪᠠᠨ ᠵᠠᠰᠠᠬᠤ ᠠᠯᠪᠠᠨ ᠭᠡᠷ ᠪᠠ | ᠬᠤᠰᠢᠭᠤᠨ ᠤ ᠬᠠᠥᠯᠢ ᠴᠠᠭᠠᠵᠠ ᠲᠠᠢ ᠬᠠᠮᠲᠤᠷᠠᠨ᠂ 2022 ᠣᠨ ᠤ ᠪᠦᠬᠦ ᠬᠤᠰᠢᠭᠤᠨ ᠤ ᠬᠤᠶᠠᠳᠤᠭᠠᠷ ᠪᠦᠯᠦᠭ | ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ | ᠡᠮᠦᠨᠡᠬᠢ ᠬᠠᠥᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠶᠢ ᠡᠷᠬᠢᠯᠡᠨ ᠶᠠᠪᠤᠭᠳᠠᠭᠤᠯᠵᠤ᠂ ᠨᠡᠶᠢᠲᠡ 52 ᠬᠦᠮᠦᠨ | ᠰᠢᠯᠭᠠᠯᠲᠠ ᠳᠤ ᠣᠷᠣᠯᠴᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ᠂ ᠬᠠᠥᠯᠢ ᠶᠣᠰᠣᠭᠠᠷ | ᠤᠯᠤᠰ ᠢᠶᠠᠨ ᠵᠠᠰᠠᠬᠤ᠂ ᠬᠠᠥᠯᠢ ᠶᠣᠰᠣᠭᠠᠷ ᠵᠠᠰᠠᠭ ᠶᠠᠪᠤᠭᠤᠯᠬᠤ ᠪᠠ ᠨᠠᠮ ᠤᠨ ᠳᠣᠲᠣᠭᠠᠲᠤ ᠶᠢᠨ ᠬᠠᠥᠯᠢ ᠳᠦᠷᠢᠮ᠂ | ᠦᠨᠳᠦᠰᠦᠨ ᠬᠠᠥᠯᠢ᠂ ᠢᠷᠭᠡᠨ ᠤ ᠬᠠᠥᠯᠢ ᠶᠢᠨ ᠪᠢᠴᠢᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ ᠵᠡᠷᠭᠡ ᠬᠠᠥᠯᠢ ᠴᠠᠭᠠᠵᠠ ᠬᠠᠥᠯᠢ ᠲᠣᠭᠲᠠᠭᠠᠯ ᠤᠨ ᠮᠡᠳᠡᠯᠭᠡ ᠶᠢ ᠡᠵᠡᠮᠰᠢᠭᠰᠡᠨ | ᠪᠠᠶᠢᠳᠠᠯ ᠢ ᠰᠢᠯᠭᠠᠨ ᠪᠠᠶᠢᠴᠠᠭᠠᠪᠠ᠃ | | | | ᠮᠠᠨ ᠤ ᠬᠤᠰᠢᠭᠤ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠥᠯᠢ ᠴᠠᠭᠠᠵᠠ ᠶᠢᠨ | ᠮᠡᠳᠡᠯᠭᠡ ᠶᠢᠨ ᠰᠢᠯᠭᠠᠯᠲᠠ ᠶᠢᠨ ᠳᠦᠷᠢᠮ ᠢ ᠢᠮᠠᠭᠲᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ | ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠠᠬᠢᠭᠤᠯᠵᠤ᠂ ᠤᠳᠤᠷᠢᠳᠬᠤ ᠺᠠᠳ᠋ᠷ | ᠲᠦᠷᠦᠭᠦᠯᠡᠨ ᠬᠠᠥᠯᠢ ᠪᠠᠷ ᠵᠠᠰᠠᠬᠤ ᠶᠢ ᠡᠷᠬᠢᠮᠯᠡᠵᠦ᠂ ᠬᠠᠥᠯᠢ ᠴᠠᠭᠠᠵᠠ ᠶᠢ ᠬᠦᠨᠳᠦᠳᠬᠡᠨ᠂ ᠬᠠᠥᠯᠢ ᠴᠠᠭᠠᠵᠠ ᠶᠢ | ᠣᠶᠢᠯᠠᠭᠠᠵᠤ ᠬᠠᠥᠯᠢ ᠴᠠᠭᠠᠵᠠ ᠶᠢ ᠡᠵᠡᠮᠰᠢᠨ᠂ ᠬᠠᠥᠯᠢ ᠪᠠᠷ ᠵᠠᠰᠠᠬᠤ ᠰᠡᠳᠬᠢᠭᠦᠢ ᠪᠠ ᠬᠠᠥᠯᠢ ᠪᠠᠷ ᠵᠠᠰᠠᠬᠤ ᠠᠷᠭ᠎ᠠ | ᠬᠡᠯᠪᠡᠷᠢ ᠶᠢ ᠬᠡᠷᠡᠭᠯᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠦᠭᠵᠢᠯᠲᠡ ᠶᠢ ᠠᠬᠢᠭᠤᠯᠬᠤ᠂ ᠵᠦᠷᠢᠴᠡᠯ ᠢ | ᠨᠠᠮᠳᠠᠭᠤᠯᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠤᠬᠠᠮᠰᠠᠷ ᠢ | ᠳᠡᠭᠡᠭᠰᠢᠯᠡᠭᠦᠯᠬᠦ ᠶᠢᠨ ᠬᠠᠮᠲᠤ᠂ ︽ᠬᠠᠥᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠠᠶᠢᠭᠤᠯᠤᠯᠲᠠ ᠶᠢ | ᠪᠦᠲᠦᠮᠵᠢᠲᠡᠢ ᠲᠦᠯᠬᠢᠨ ᠠᠬᠢᠭᠤᠯᠵᠤ ᠪᠣᠢ᠃ | | |