ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠡᠭᠦᠷ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠪᠡ
ᠨᠡᠶᠢᠲᠡᠯᠡᠭᠰᠡᠨ ᠴᠠᠭ᠄
2022/7/21
       ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭᠠᠲᠤ ᠰᠡᠳᠬᠢᠯᠭᠡ ᠪᠠ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ᠂ ᠠᠮᠢᠳᠤᠷᠠᠯ ᠬᠦᠴᠢᠷᠳᠡᠯᠲᠡᠢ ᠬᠤᠶᠠᠷ ᠭᠡᠷ ᠪᠦᠯᠢ ᠶᠢ ᠪᠣᠯᠭᠤᠭᠠᠨ ᠲᠣᠬᠤᠨᠢᠭᠤᠯᠵᠤ᠂ ᠲᠡᠳᠡᠨᠡᠷ ᠲᠤ ᠲᠣᠬᠤᠨᠢᠭᠤᠯᠤᠭ᠎ᠠ ᠶᠢᠨ ᠮᠦᠩᠭᠦ ᠬᠦᠷᠭᠡᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠪᠡ᠃
       ᠲᠣᠬᠤᠨᠢᠭᠤᠯᠬᠤ ᠶᠠᠪᠤᠴᠠ ᠳᠤ᠂ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠲᠠᠢ ᠲᠣᠳᠣᠨᠣ ᠪᠠᠷ ᠶᠠᠷᠢᠯᠴᠠᠨ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠯᠢᠭ ᠣᠶᠢᠯᠠᠭᠠᠵᠤ᠂ ᠬᠦᠴᠢᠷᠳᠡᠯ ᠲᠠᠢ ᠪᠣᠯ ᠨᠡᠶᠢᠭᠡᠮ ᠲᠣᠭᠤᠷᠢᠭ ᠢᠶᠠᠷ ᠳᠠᠮᠵᠢᠨ ᠵᠣᠬᠢᠶᠠᠨ ᠪᠠᠶᠢᠭᠤᠯᠤᠯᠲᠠ ᠳᠤ ᠲᠤᠰᠬᠠᠬᠤ ᠶᠢ ᠰᠠᠨᠠᠭᠤᠯᠬᠤ ᠶᠢᠨ ᠬᠠᠮᠲᠤ᠂ ᠪᠣᠳᠠᠳᠤ ᠠᠰᠠᠭᠤᠳᠠᠯ ᠢ ᠨᠢ ᠰᠢᠢᠳᠪᠦᠷᠢᠯᠡᠵᠦ᠂ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ ᠭᠡᠵᠦ ᠢᠯᠡᠷᠬᠡᠶᠢᠯᠡᠪᠡ᠃
       ᠲᠤᠰ ᠤᠳᠠᠭᠠᠨ ᠤ ᠲᠣᠬᠤᠨᠢᠭᠤᠯᠤᠭ᠎ᠠ ᠪᠠᠷ ᠲᠠᠮᠵᠢᠨ᠂ ᠠᠮᠢᠳᠤᠷᠠᠯ ᠬᠦᠴᠢᠷᠳᠡᠯᠲᠡᠢ ᠭᠡᠷ ᠪᠦᠯᠢ ᠶᠢᠨ ᠠᠮᠢᠳᠤᠷᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠶᠢ ᠭᠦᠨᠵᠡᠭᠡᠶᠢᠷᠡᠭᠦᠯᠦᠨ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号