ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠢ ᠬᠡᠷᠡᠭᠵᠢᠭᠦᠯᠵᠦ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯᠵᠢᠯ ᠤᠨ ᠪᠠᠭᠠᠵᠢ ᠬᠡᠷᠡᠭᠰᠡᠯ ᠲᠠᠷᠬᠠᠭᠠᠪᠠ
ᠨᠡᠶᠢᠲᠡᠯᠡᠭᠰᠡᠨ ᠴᠠᠭ᠄
2022/7/21
       ᠠᠮᠢᠳᠤᠷᠠᠯ ᠬᠦᠴᠢᠷᠳᠡᠯᠲᠡᠢ ᠵᠡᠮᠳᠡᠭᠴᠦᠳ ᠢ ᠨᠠᠷᠢᠯᠢᠭ ᠣᠨᠣᠪᠴᠢᠲᠠᠢ ᠪᠠᠷ ᠠᠪᠤᠷᠠᠨ ᠲᠤᠰᠠᠯᠠᠬᠤ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ︽ᠵᠡᠮᠳᠡᠭ ᠠᠴᠠ ᠪᠣᠯᠵᠤ ᠶᠠᠳᠠᠭᠤᠷᠠᠬᠤ︾ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠦᠬᠦ ᠬᠤᠰᠢᠭᠤᠨ ᠤ ᠬᠡᠪᠴᠢᠶᠡᠨ ᠳᠤ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠡᠷᠡᠭᠦᠯᠵᠢᠯ ᠤᠨ ᠪᠠᠭᠠᠵᠢ ᠬᠡᠷᠡᠭᠰᠡᠯ ᠢ ᠬᠡᠷᠡᠭᠴᠡᠭᠡ ᠱᠠᠭᠠᠷᠳᠠᠯᠭ᠎ᠠ ᠪᠦᠬᠦᠢ ᠠᠮᠢᠳᠤᠷᠠᠯ ᠬᠦᠴᠢᠷᠳᠡᠯᠲᠡᠢ ᠵᠡᠮᠳᠡᠭᠴᠦᠳ ᠲᠤ ᠬᠦᠷᠭᠡᠪᠡ᠃
      ᠲᠤᠰ ᠤᠳᠠᠭ᠎ᠠ ᠪᠦᠬᠦ ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠣᠨᠴᠠ ᠬᠦᠴᠢᠷᠳᠡᠯᠲᠡᠢ ᠬᠦᠮᠦᠰ ᠪᠠ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠵᠡᠮᠳᠡᠭᠴᠦᠳ ᠲᠤ ᠬᠦᠷᠲᠦᠲᠦ ᠰᠠᠨᠳᠠᠯᠢ᠂ ᠰᠣᠪᠢᠯᠠᠯᠲᠠ ᠶᠢᠨ ᠣᠷᠣ ᠵᠡᠷᠭᠡ ᠡᠷᠡᠭᠦᠯᠵᠢᠯ ᠤᠨ ᠪᠠᠭᠠᠵᠢ ᠬᠡᠷᠡᠭᠰᠡᠯ ᠲᠣᠬᠢᠷᠠᠭᠤᠯᠵᠤ᠂ ᠪᠦᠬᠦ ᠬᠤᠰᠢᠭᠤᠨ ᠤ ᠠᠮᠢᠳᠤᠷᠠᠯ ᠬᠦᠴᠢᠷᠳᠡᠯᠲᠡᠢ 10 ᠵᠡᠮᠳᠡᠭ ᠬᠦᠮᠦᠰ ᠠᠰᠢᠭ ᠬᠦᠷᠲᠡᠪᠡ᠃
       ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠦᠰᠦᠯ ᠢ ᠬᠡᠷᠡᠭᠵᠢᠭᠦᠯᠦᠭᠰᠡᠨ ᠨᠢ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠬᠦᠷᠢᠶᠡᠯᠡᠯ ᠢ ᠣᠯᠵᠤ᠂ ᠡᠷᠡᠭᠦᠯᠵᠢᠯ ᠤᠨ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠨᠢ ᠠᠮᠢᠳᠤᠷᠠᠯ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠭᠡᠷ ᠪᠦᠯᠢ ᠶᠢᠨ ᠬᠦᠳᠡᠯᠮᠦᠷᠢ ᠬᠦᠴᠦᠨ ᠢ ᠴᠢᠯᠦᠭᠡᠯᠡᠨ᠂ ᠮᠠᠨ ᠤ ᠬᠤᠰᠢᠭᠤᠨ ᠤ ᠵᠡᠮᠳᠡᠭᠴᠦᠳ ᠤᠨ ᠠᠰᠠᠷᠠᠮᠵᠢ ᠶᠢᠨ ᠪᠠᠲᠤᠯᠠᠭ᠎ᠠ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠲᠡ᠂ ︽ᠠᠷᠠᠳ ᠤᠨ ᠶᠠᠪᠤᠳᠠᠯ ᠠᠷᠠᠳ ᠤᠨ ᠲᠦᠯᠦᠭᠡ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠨᠡᠩ ᠰᠠᠶᠢᠲᠤᠷ ᠦᠢᠯᠡᠳᠦᠯᠭᠡᠵᠢᠭᠦᠯᠬᠦ ᠳᠤ ᠪᠠᠲᠤ ᠰᠠᠭᠤᠷᠢ ᠶᠢ ᠲᠠᠯᠪᠢᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号