ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ ᠪᠠᠶᠢᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠠᠪᠬᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/7/25
ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠮᠦᠷ ᠵᠠᠮ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ ᠶᠣᠰᠣᠭᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ 1 ᠵᠤᠷᠪᠤᠰ ᠲᠡᠮᠦᠷ ᠵᠠᠮ ︵ᠠᠷᠤᠬᠠᠰᠢᠶᠠᠲᠤ ᠪᠣᠭᠤᠮᠲᠠ ︱ ᠮᠠᠨᠵᠤᠤᠷ ᠪᠣᠭᠤᠮᠲᠠ︶ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠣᠷᠣᠭᠤᠯᠪᠠ᠃ ᠠᠬᠢᠭᠤᠯᠬᠤ ᠲᠣᠭᠲᠠᠴᠠ ᠶᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠤᠨ᠂ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠤᠨ ᠡᠷᠬᠡ ᠶᠢ ᠬᠤᠪᠢᠶᠠᠷᠢᠯᠠᠬᠤ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ︾ ᠶᠢ ᠪᠠᠶᠢᠭᠤᠯᠬᠤ ᠪᠠᠷ ᠭᠤᠶᠤᠴᠢᠯᠠᠪᠠ᠃ ᠰᠠᠨᠠᠭᠤᠯᠭ᠎ᠠ ᠶᠢᠨ ᠨᠡᠷᠡᠰ ᠢ ᠠᠷᠤ ᠳᠤ ᠳᠠᠭᠠᠯᠳᠤᠭᠤᠯᠪᠠ᠂ ᠣᠳᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠳᠣᠣᠷ᠎ᠠ ᠵᠢᠭᠠᠪᠤᠷᠢ ᠠᠪᠤᠶ᠎ᠠ᠄        ᠨᠢᠭᠡ᠂ ᠠᠬᠤᠢ ᠪᠠᠶᠢᠳᠠᠯ ᠵᠢᠴᠢ ᠰᠢᠯᠲᠠᠭᠠᠨ        ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠬᠢᠨ ᠤ ᠬᠤᠭᠤᠴᠠᠭᠠᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠤᠬᠠᠰᠢᠶᠠᠲᠤ ᠪᠣᠭᠤᠮᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠨᠡᠭᠡᠭᠡᠯᠲᠡ ᠶᠢ ᠥᠷᠭᠡᠳᠬᠡᠵᠦ᠂ ᠪᠣᠭᠤᠮᠲᠠ ᠶᠢᠨ ᠰᠢᠨᠵᠢ ᠴᠢᠨᠠᠷ ᠢ ᠬᠤᠶᠠᠷ ᠲᠠᠯᠠᠲᠤ ᠴᠢᠨᠠᠷᠲᠠᠢ ᠵᠢᠯ ᠲᠤᠷᠰᠢᠳᠠ ᠨᠡᠭᠡᠭᠡᠬᠦ ᠵᠠᠰᠠᠮᠠᠯ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠣᠯᠭᠠᠨ ᠬᠤᠪᠢᠷᠠᠭᠤᠯᠬᠤ ᠶᠢ ᠵᠢᠩᠬᠢᠨᠢ ᠪᠠᠷ ᠴᠣᠬᠤᠯᠠᠪᠤᠷᠢᠯᠠᠨ ᠵᠥᠪᠰᠢᠶᠡᠷᠡᠵᠦ᠂ ᠣᠲᠣ ᠪᠣᠯᠲᠠᠯ᠎ᠠ᠂ ᠨᠢᠭᠡᠨᠲᠡ ᠲᠠᠩ ᠭᠠᠭᠴᠠ ᠢᠳᠡᠭᠡᠨ ᠤ ᠵᠦᠢᠯ᠂ ᠬᠤᠪᠴᠠᠰᠤ ᠬᠤᠨᠠᠷ ᠵᠡᠷᠭᠡ ᠶᠡᠭᠡ ᠬᠡᠮᠵᠢᠶᠡᠨ ᠤ ᠲᠠᠸᠠᠷ ᠤᠨ ᠠᠷᠠᠳ ᠲᠤ ᠲᠥᠬᠦᠮ ᠦᠵᠡᠭᠦᠯᠬᠦ ᠪᠠᠭ᠎ᠠ ᠲᠣᠭᠠᠨ ᠤ ᠠᠷᠠᠯᠵᠢᠶ᠎ᠠ ᠬᠢᠵᠦ ᠪᠠᠶᠢᠭᠰᠠᠨ ᠠᠴᠠ ᠪᠠᠨ ᠣᠯᠠᠨ ᠠᠷᠭ᠎ᠠ ᠵᠠᠮ᠂ ᠣᠯᠠᠨ ᠬᠦᠷᠢᠶ᠎ᠡ ᠴᠠᠷᠠᠭ᠎ᠠ᠂ ᠣᠯᠠᠨ ᠡᠰᠢᠴᠢᠯᠡᠨ ᠬᠥᠭᠵᠢᠭᠰᠡᠨ ᠰᠢᠨ᠎ᠡ ᠬᠡᠯᠪᠡᠷᠢ ᠶᠢᠨ ᠬᠠᠭᠤᠷᠠᠢ ᠵᠠᠮ ᠤᠨ ᠪᠣᠭᠤᠮᠲᠠ ᠪᠣᠯᠵᠤ ᠬᠤᠪᠢᠷᠠᠭᠰᠠᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠤᠨ ᠬᠢᠯᠢ ᠶᠢᠨ ᠪᠣᠭᠤᠮᠲᠠ ᠶᠢᠨ ᠪᠠᠶᠢᠷᠢ ᠲᠣᠭᠲᠠᠭᠠᠯᠲᠠ ᠪᠠᠷ ᠪᠠᠷᠢᠮᠵᠢᠶᠠᠯᠠᠵᠤ᠂ ᠮᠣᠩᠭᠤᠯ ᠤᠯᠤᠰ ᠤᠨ ᠲᠠᠯ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠠᠷᠤᠬᠠᠰᠢᠶᠠᠲᠤ ᠪᠣᠭᠤᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠣᠬᠢᠷᠠᠭᠤᠯᠬᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠠᠷᠤ ᠲᠠᠯ᠎ᠠ ᠶᠢᠨ ᠨᠡᠪᠲᠡᠷᠡᠬᠦ ᠵᠠᠮ ᠢ ᠲᠡᠭᠦᠯᠳᠡᠷᠵᠢᠭᠦᠯᠵᠦ᠂ ᠬᠠᠷᠢᠯᠴᠠᠨ ᠬᠤᠯᠪᠣᠭᠠᠯᠠᠬᠤ᠂ ᠲᠥᠪ ᠢ ᠬᠤᠯᠪᠣᠬᠤ᠂ ︽ᠨᠢᠭᠡ ᠪᠦᠰᠡ ᠨᠢᠭᠡ ᠵᠠᠮ︾ ᠤᠨ ᠲᠡᠮᠦᠷ ᠵᠠᠮ ᠤᠨ ᠲᠡᠭᠡᠭᠡᠪᠦᠷᠢ ᠶᠢᠨ ᠣᠯᠠᠨ ᠤᠯᠤᠰ ᠤᠨ ᠶᠡᠭᠡ ᠨᠡᠪᠲᠡᠷᠡᠬᠦ ᠵᠠᠮ ᠳᠤ ᠠᠭᠤᠰᠤᠯᠴᠠᠭᠤᠯᠤᠨ᠂ ᠮᠠᠨ ᠤ ᠬᠤᠰᠢᠭᠤᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠡᠵᠡᠮᠳᠡᠬᠦ ᠴᠢᠳᠠᠪᠤᠷᠢ ᠶᠢ ᠴᠢᠩᠭᠠᠳᠬᠠᠨ᠂ ᠤᠯᠤᠰ ᠠᠯᠤᠰᠯᠠᠭᠰᠠᠨ ᠡᠳ᠋ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠬᠥᠭᠵᠢᠭᠡᠨ᠂ ᠡᠭᠦᠨ ᠢᠶᠠᠷ ᠳᠠᠮᠵᠢᠨ ᠬᠢᠯᠢ ᠳᠠᠭᠠᠤ ᠶᠢᠨ ᠨᠡᠭᠡᠭᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠥᠷᠭᠡᠳᠬᠡᠵᠦ᠂ ᠭᠠᠵᠠᠷ ᠣᠷᠣᠨ ᠤ ᠲᠠᠪᠠᠯᠳᠠᠳᠤ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠶᠤᠮ᠃        ᠬᠤᠶᠠᠷ᠂ ᠬᠡᠷᠡᠭᠵᠢᠭᠦᠯᠬᠦ ᠠᠴᠢ ᠬᠤᠯᠪᠣᠭᠳᠠᠯ        ᠤᠯᠤᠰ ᠤᠨ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠲᠦᠰᠢᠭᠯᠡᠬᠦ ᠳᠤ᠂ ᠪᠣᠭᠤᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠳᠣᠲᠣᠭᠠᠳᠤ ᠶᠢᠨ ᠲᠠᠯᠳᠡ ᠬᠦᠴᠦᠨ ᠢ ᠭᠦᠢᠴᠡᠳ ᠪᠠᠳᠠᠷᠠᠭᠤᠯᠬᠤ ᠨᠢ ᠵᠠᠶᠢᠯᠠᠰᠢ ᠦᠭᠡᠢ ᠶᠤᠮ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ︽ᠬᠢᠯᠢ ᠶᠢᠨ ᠪᠣᠭᠤᠮᠲᠠ ᠶᠢᠨ ᠠᠮᠢᠳᠤᠯᠢᠭ ᠬᠤᠰᠢᠭᠤ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠶᠡᠬᠡᠪᠡᠷ ᠳᠡᠭᠡᠭᠰᠢᠯᠡᠭᠦᠯᠦᠭᠰᠡᠨ ᠠᠴᠠ᠂ ᠮᠠᠨ ᠤ ᠬᠤᠰᠢᠭᠤᠨ ᠤ 2022 ᠣᠨ ᠳᠤ ᠬᠡᠷᠡᠭᠵᠢᠭᠦᠯᠦᠭᠰᠡᠨ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ᠂ ᠠᠷᠤᠬᠠᠰᠢᠶᠠᠲᠤ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ︵ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠠᠬᠢᠴᠠ ᠨᠢᠭᠡᠨᠲᠡ ᠰᠢᠪᠲᠤᠷᠭᠠᠨ ᠳᠠᠭᠠᠨ ᠣᠷᠣᠵᠤ᠂ ᠠᠷᠤᠬᠠᠰᠢᠶᠠᠲᠤ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠨᠢᠭᠡᠨᠲᠡ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ᠂ ᠬᠠᠮᠢᠶᠠᠷᠤᠯᠲᠠ ᠪᠠ ᠡᠵᠡᠩᠨᠡᠯᠲᠡ ᠬᠢᠬᠦ ᠨᠥᠬᠦᠴᠡᠯ ᠳᠤ ᠨᠡᠶᠢᠴᠡᠵᠦ᠂ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ᠃ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠰᠢᠨ᠎ᠡ ᠬᠡᠷᠡᠭᠴᠡᠭᠡ ᠶᠢ ᠦᠷᠭᠡᠳᠬᠡᠨ᠂ ᠰᠢᠨ᠎ᠡ ᠬᠠᠩᠭᠠᠯᠭ᠎ᠠ ᠶᠢ ᠡᠭᠦᠳᠴᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠶᠡᠬᠡᠪᠡᠷ ᠲᠠᠲᠠᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠳᠠᠶᠢᠴᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠦᠷ᠎ᠡ ᠠᠰᠢᠭ ᠢ ᠡᠭᠦᠳᠴᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠬᠦᠳᠡᠯᠭᠡᠬᠦ ᠬᠦᠴᠦᠨ ᠢ ᠬᠥᠭᠵᠢᠭᠡᠵᠦ᠂ ᠳᠣᠲᠣᠭᠠᠳᠤ ᠶᠢᠨ ᠳᠠᠯᠳᠠ ᠬᠦᠴᠦᠨ ᠢ ᠲᠤᠶᠢᠯ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠰᠢᠨ᠎ᠡ ᠪᠠᠶᠢᠳᠠᠯ ᠳᠣᠣᠷᠠᠬᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠳᠤ ᠨᠡᠩ ᠰᠠᠶᠢᠲᠤᠷ ᠵᠣᠬᠢᠴᠠᠭᠤᠯᠤᠨ᠎ᠠ᠃        ᠭᠤᠷᠪᠠ᠂ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ ᠶᠢᠨ ᠠᠵᠢᠯ ᠤᠨ ᠡᠭᠦᠷᠭᠡ        ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ ᠪᠠᠶᠢᠭᠤᠯᠬᠤ ᠪᠣᠯ ᠮᠠᠨ ᠤ ᠬᠤᠰᠢᠭᠤᠨ ᠤ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠠᠵᠢᠯ ᠢ ᠨᠢᠭᠡᠳᠦᠯᠲᠡᠢ ᠲᠥᠯᠥᠪᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ‍ ᠨᠢᠭᠡ ᠵᠦᠢᠯ ᠤᠨ ᠴᠢᠬᠤᠯᠠ ᠲᠣᠯᠣᠭᠠᠶᠢᠯᠠᠬᠤ ᠴᠢᠨᠠᠷᠲᠠᠢ ᠠᠵᠢᠯ ᠪᠣᠯᠣᠨ᠎ᠠ᠃ ᠲᠤᠰᠬᠠᠢ ᠠᠩᠭᠢ ᠪᠠᠶᠢᠭᠤᠯᠬᠤ ᠳᠤ ᠭᠤᠣᠯᠳᠠᠯᠭ᠎ᠠ ᠲᠠᠢ ᠲᠥᠯᠦᠪᠵᠢᠭᠦᠯᠭᠡ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠬᠤ ᠡᠯ᠎ᠡ ᠵᠦᠢᠯ ᠤᠨ ᠬᠠᠮᠢᠶ᠎ᠠ ᠪᠦᠬᠦᠢ ᠢᠵᠢ ᠪᠦᠷᠢᠳᠦᠭᠦᠯᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠯᠤᠭ᠎ᠠ ᠵᠣᠯᠭᠠᠭᠤᠯᠬᠤ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠤᠯᠠᠮ ᠨᠢᠭᠡ ᠠᠯᠬᠤᠮ ᠴᠢᠩᠭᠠᠳᠬᠠᠬᠤ ᠶᠢ ᠬᠠᠷᠢᠭᠤᠴᠠᠵᠤ᠂ ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠣᠬᠢᠴᠠᠭᠤᠯᠤᠨ ᠲᠦᠷᠭᠡᠳᠬᠡᠨ ᠠᠬᠢᠭᠤᠯᠬᠤ ᠬᠡᠷᠡᠭᠲᠡᠢ︔ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠳᠤ ᠤᠷᠢᠳᠴᠢᠯᠠᠨ ᠰᠣᠷᠢᠵᠤ ᠤᠷᠢᠳᠴᠢᠯᠠᠨ ᠮᠠᠭᠠᠳᠯᠠᠬᠤ ᠶᠢ ᠬᠡᠷᠡᠭᠵᠢᠭᠦᠯᠵᠦ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠬᠥᠷᠥᠰᠥ ᠰᠢᠷᠣᠢ ᠶᠢ ᠬᠠᠮᠠᠭᠠᠯᠠᠬᠤ᠂ ᠡᠨᠧᠷᠭᠢ ᠠᠷᠪᠢᠯᠠᠬᠤ ᠶᠢ ᠦᠨᠡᠯᠡᠨ ᠵᠢᠱᠢᠬᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠲᠤᠰᠬᠠᠢ ᠵᠦᠢᠯ ᠤᠨ ᠬᠢᠨᠠᠨ ᠵᠥᠪᠰᠢᠶᠡᠷᠡᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠬᠦ ᠠᠵᠢᠯ ᠢ ᠴᠢᠨᠠᠷ ᠰᠠᠶᠢᠲᠠᠢ ᠭᠦᠢᠴᠡᠳᠬᠡᠬᠦ ᠶᠢ ᠠᠬᠢᠭᠤᠯᠵᠤ᠂ ᠠᠰᠢᠭᠲᠠᠢ ᠨᠥᠬᠦᠴᠡᠯ ᠢ ᠢᠳᠡᠪᠬᠢᠲᠡᠢ ᠡᠭᠦᠳᠦᠨ᠂ ᠲᠥᠯᠦᠪᠵᠢᠭᠦᠯᠭᠡ ᠶᠢᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ︔ ᠨᠥᠬᠦᠴᠡᠯ ᠳᠤ ᠨᠡᠶᠢᠴᠡᠬᠦ ᠵᠦᠢᠯᠡᠰ ᠲᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠣᠯᠬᠤ ᠪᠠᠷ ᠢᠳᠡᠪᠬᠢᠲᠡᠢ ᠴᠢᠷᠮᠠᠶᠢᠬᠤ ᠬᠡᠷᠡᠭᠲᠡᠢ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠥᠪᠳᠡᠯᠴᠡᠬᠦ ᠰᠤᠳᠤᠯᠤᠨ ᠮᠠᠭᠠᠳᠯᠠᠵᠤ ᠲᠣᠬᠢᠷᠠᠭᠤᠯᠬᠤ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠬᠡᠷᠡᠭᠲᠡᠢ︔ ᠲᠤᠰᠬᠠᠢ ᠶᠠᠪᠤᠳᠠᠯ ᠢ ᠲᠤᠰᠬᠠᠢ ᠰᠢᠢᠳᠪᠦᠷᠢᠯᠡᠵᠦ᠂ ᠬᠤᠲᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠪᠣᠯᠣᠨ ᠤᠯᠤᠰ ᠤᠨ ᠲᠡᠮᠦᠷ ᠵᠠᠮ ᠤᠨ ᠬᠠᠷᠪᠢᠨ ᠤ ᠲᠣᠪᠴᠢᠶ᠎ᠠ ᠯᠤᠭ᠎ᠠ ᠶᠢᠨ ᠬᠠᠷᠢᠯᠴᠠᠭ᠎ᠠ ᠶᠢ ᠴᠢᠩᠭᠠᠳᠬᠠᠵᠤ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ᠃        ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠨᠢ ᠵᠣᠬᠢᠬᠤ ᠬᠡᠮᠵᠢᠶ᠎ᠡ ᠪᠠᠷ ᠵᠠᠮ ᠬᠠᠷᠢᠯᠴᠠᠭᠠᠨ ᠤ ᠨᠡᠪᠲᠡᠷᠡᠬᠦ ᠬᠡᠮᠵᠢᠶ᠎ᠡ ᠪᠠ ᠲᠡᠭᠦᠨ ᠠᠴᠠ ᠪᠣᠯᠤᠭᠰᠠᠨ ᠡᠭᠦᠰᠦᠮᠡᠯ ᠨᠥᠯᠥᠭᠡ ᠳᠤ ᠬᠢᠵᠠᠭᠠᠷᠯᠠᠭᠳᠠᠵᠤ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠤᠯᠭᠠᠮ᠎ᠠ ᠪᠠᠶᠢᠭ᠎ᠠ ᠪᠠᠶᠢᠳᠠᠯ ᠢ ᠦᠨᠳᠦᠰᠦᠯᠡᠨ᠂ ᠳᠡᠭᠡᠳᠦ ᠱᠠᠲᠤᠨ ᠠᠴᠠ ᠬᠦᠴᠦᠲᠡᠢ ᠳᠡᠮᠵᠢᠯᠭᠡ ᠦᠵᠡᠭᠦᠯᠵᠦ᠂ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃        ᠵᠣᠬᠢᠰᠲᠠᠢ ᠡᠰᠡᠬᠦ ᠶᠢ ᠵᠢᠭᠠᠪᠤᠷᠢᠯᠠᠬᠤ ᠪᠣᠯᠪᠠᠤ᠃        ᠳᠠᠭᠠᠯᠳᠤᠭᠤᠯᠤᠯ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ ᠪᠠᠶᠢᠭᠤᠯᠬᠤ ᠰᠠᠨᠠᠭᠤᠯᠭ᠎ᠠ ᠶᠢᠨ ᠨᠡᠷᠡᠰ        ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ ᠪᠠᠶᠢᠭᠤᠯᠬᠤ ᠰᠠᠨᠠᠭᠤᠯᠭ᠎ᠠ ᠶᠢᠨ ᠨᠡᠷᠡᠰ        ᠬᠤᠲᠠ ᠶᠢᠨ ᠵᠠᠰᠠᠭ ᠤᠨ ᠣᠷᠳᠣᠨ ᠲᠦᠷᠦᠭᠦᠯᠡᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠥᠯᠥᠨ ᠪᠤᠶᠢᠷ ᠬᠤᠲᠠ ᠶᠢᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠎ᠠ︔ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ︔ ᠮᠠᠨᠵᠤᠤᠷ ᠪᠣᠭᠤᠮᠲᠠ᠂ ᠬᠢᠯᠢ ᠶᠢᠨ ᠪᠠᠶᠢᠴᠠᠭᠠᠯᠲᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠪᠣᠭᠤᠮᠲᠠ ᠶᠢᠨ ᠶᠠᠪᠤᠳᠠᠯ ᠤᠨ ᠠᠯᠪᠠᠨ ᠭᠡᠷ ᠵᠢᠴᠢ ᠮᠠᠨᠵᠤᠤᠷ ᠬᠤᠲᠠ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠤᠳᠤᠷᠢᠳᠬᠤ ᠳᠤᠭᠤᠶᠢᠯᠠᠩ ᠪᠠᠶᠢᠭᠤᠯᠬᠤ ᠶᠢ ᠰᠠᠨᠠᠭᠤᠯᠵᠤ ᠪᠠᠶᠢᠨ᠎ᠠ᠃        ᠪᠣᠳᠠᠲᠠᠢ ᠠᠵᠢᠯ ᠢ ᠲᠦᠯᠬᠢᠨ ᠠᠬᠢᠭᠤᠯᠬᠤ ᠲᠤᠰᠬᠠᠢ ᠠᠩᠭᠢ ᠶᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠳᠡᠳ᠋ ᠬᠤᠰᠢᠭᠤᠨ ᠳᠠᠷᠤᠭ᠎ᠠ ᠲᠦᠷᠦᠭᠦᠯᠡᠨ ᠲᠤᠰᠬᠠᠢ ᠠᠩᠭᠢ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号