ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ | ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠦᠯᠦᠭᠡ᠂ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵38 | ᠳ᠋ᠤᠭᠠᠷ ᠲᠣᠭᠠᠲᠤ︶︾ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵39 ᠳ᠋ᠦ᠋ᠭᠡᠷ ᠲᠣᠭᠠᠲᠤ︶︾ ᠤᠨ ᠵᠣᠷᠢᠭ ᠰᠠᠨᠠᠭ᠎ᠠ | ᠶᠣᠰᠣᠭᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠦᠬᠦᠢ | ᠵᠦᠢᠯᠡᠰ ᠢ ᠳᠣᠣᠷ᠎ᠠ ᠵᠠᠷᠯᠠᠶ᠎ᠠ᠄ | ᠨᠢᠭᠡ᠂ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠡᠳᠦᠷ ᠠᠴᠠ ᠡᠬᠢᠯᠡᠨ | ᠮᠠᠨ ᠤ ᠬᠤᠰᠢᠭᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ ᠤᠨ ᠺᠣᠳ᠋ ᠢ ᠡᠬᠢᠯᠡᠨ ᠬᠡᠷᠡᠭᠯᠡᠵᠦ᠂ ᠪᠠᠶᠢᠴᠠᠭᠠᠨ ᠰᠢᠯᠭᠠᠬᠤ | ᠴᠡᠭ ᠢᠶᠠᠷ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠥᠰ ᠡᠷᠬᠡᠪᠰᠢ ᠺᠣᠳ᠋ ᠰᠢᠷᠪᠢᠵᠦ ᠪᠦᠷᠢᠳᠬᠡᠨ | ᠳᠠᠩᠰᠠᠯᠠᠭᠤᠯᠬᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠬᠦᠮᠦᠰ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ᠃ ᠬᠢᠯᠢ ᠪᠠᠷ ᠣᠷᠣᠭᠰᠠᠳ ᠠᠩᠬ᠎ᠠ ᠬᠢᠯᠢ ᠪᠠᠷ ᠣᠷᠤᠭᠰᠠᠨ ᠭᠠᠵᠠᠷ ᠲᠤ ᠪᠠᠨ 7 ᠡᠳᠦᠷ | ᠲᠥᠪᠯᠡᠷᠡᠭᠦᠯᠦᠨ ᠲᠤᠰᠠᠭᠠᠷᠯᠠᠭᠰᠠᠨ ᠤ ᠳᠠᠷᠠᠭ᠎ᠠ ᠮᠠᠨ ᠤ ᠬᠤᠰᠢᠭᠤᠨ ᠳᠤ ᠪᠤᠴᠠᠭᠰᠠᠨ ᠪᠠᠶᠢᠪᠠᠯ᠂ ᠵᠣᠷᠢᠭᠰᠠᠨ | ᠭᠠᠵᠠᠷ ᠲᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ | ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠲᠤᠰᠬᠠᠢ ᠲᠡᠷᠭᠡ ᠲᠣᠬᠢᠷᠠᠭᠤᠯᠤᠨ᠂ ᠠᠩᠬ᠎ᠠ ᠬᠢᠯᠢ ᠪᠠᠷ | ᠣᠷᠤᠭᠰᠠᠨ ᠴᠡᠭ ᠲᠤ ᠬᠦᠷᠴᠦ ᠪᠢᠲᠡᠭᠦᠦ ᠴᠠᠭᠠᠷᠢᠭ ᠬᠡᠯᠪᠡᠷᠢ ᠪᠠᠷ ᠰᠠᠭᠤᠭ᠎ᠠ ᠭᠠᠵᠠᠷ ᠲᠤᠨᠢ ᠰᠢᠯᠵᠢᠭᠦᠯᠦᠨ ᠬᠦᠷᠭᠡᠵᠦ᠂ | ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠠᠵᠢᠯᠲᠠᠨ ᠳᠤ ᠲᠤᠰᠢᠶᠠᠬᠤ ᠠᠵᠢᠯ ᠢ ᠰᠠᠶᠢᠲᠤᠷ ᠬᠢᠵᠦ᠂ 3 | ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ | ᠭᠤᠷᠪᠠ᠂ ᠨᠢᠭᠲᠠ ᠣᠶᠢᠷᠠᠲᠤᠭᠰᠠᠳ᠂ ᠳᠡᠳ᠋ ᠨᠢᠭᠲᠠ ᠣᠶᠢᠷᠠᠲᠤᠭᠰᠠᠳ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ᠃ ᠨᠢᠭᠲᠠ ᠣᠶᠢᠷᠠᠲᠤᠭᠰᠠᠳ ᠲᠤ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾᠂ 1᠂ | 2᠂ 3᠂ 5᠂ 7 ᠳ᠋ᠤᠭᠠᠷ ᠡᠳᠦᠷ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠳ 3 | ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ ᠳᠡᠳ᠋ ᠨᠢᠭᠲᠠ ᠣᠶᠢᠷᠠᠲᠤᠭᠰᠠᠳ ᠴᠥᠮ | ︽7 ᠡᠳᠦᠷ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ︾ ᠬᠢᠵᠦ᠂ 1᠂ 4᠂ 7 ᠳ᠋ᠤᠭᠠᠷ ᠡᠳᠦᠷ ᠲᠤ | ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ︵ | ᠭᠠᠭᠴᠠ ᠬᠥᠮᠥᠨ ᠭᠠᠭᠴᠠ ᠲᠠᠰᠤᠯᠭ᠎ᠠ ᠲᠠᠢ᠂ ᠲᠤᠰᠠᠭᠠᠷ ᠠᠷᠢᠭᠤᠨ ᠴᠡᠪᠡᠷ ᠤᠨ ᠲᠠᠰᠤᠯᠭ᠎ᠠ ᠲᠠᠢ᠂ ᠪᠤᠰᠤᠳ | ᠬᠥᠮᠥᠨ ᠲᠠᠢ ᠬᠤᠯᠢᠯᠳᠤᠨ ᠰᠠᠭᠤᠬᠤ ᠦᠭᠡᠢ︶ ᠪᠣᠯ ᠮᠥᠨ ᠬᠦ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠢ᠃ | ᠳᠥᠷᠪᠡ᠂ ᠭᠤᠣᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠶᠢ | ᠴᠢᠩᠭᠠᠳᠬᠠᠨ᠎ᠠ᠃ 7 ᠡᠳᠦᠷ ᠤᠨ ᠳᠣᠲᠣᠷ᠎ᠠ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠠᠴᠠ ᠮᠠᠨ ᠤ | ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ︾ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 1᠂ 2᠂ 3᠂ 5᠂ 7 ᠳ᠋ᠤᠭᠠᠷ ᠡᠳᠦᠷ ᠲᠤ | ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ | ᠰᠠᠯᠤᠭᠰᠠᠨ ᠠᠴᠠ ᠡᠬᠢᠯᠡᠵᠦ ᠪᠤᠳᠤᠨ᠎ᠠ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠶᠢᠨ ᠬᠢᠨ ᠲᠦᠭᠰᠢᠭᠦᠷᠢᠲᠡᠢ ᠣᠷᠣᠨ ᠠᠴᠠ ᠭᠠᠳᠠᠭᠰᠢ ᠶᠠᠪᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ | ᠲᠡᠷᠡ ᠲᠣᠭᠲᠠᠭᠠᠯ ᠢᠶᠠᠷ ᠶᠠᠪᠤᠭᠤᠯᠤᠨ᠎ᠠ᠃ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢᠲᠡᠢ | ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽7 ᠡᠳᠦᠷ ᠭᠡᠷ ᠲᠡᠭᠡᠨ ᠰᠠᠭᠤᠵᠤ | ᠠᠨᠠᠭᠠᠬᠤ ᠤᠬᠠᠭᠠᠨ ᠤ ᠠᠵᠢᠭᠯᠠᠯᠲᠠ︾ ᠬᠢᠬᠦ ᠶᠢ ᠬᠡᠷᠡᠭᠵᠢᠭᠦᠯᠵᠦ᠂ 1᠂ 4᠂ 7 ᠳ᠋ᠤᠭᠠᠷ ᠡᠳᠦᠷ ᠲᠤ ᠪᠦᠭᠡᠮ | ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ | ᠰᠠᠯᠤᠭᠰᠠᠨ ᠠᠴᠠ ᠡᠬᠢᠯᠡᠵᠦ ᠪᠤᠳᠤᠨ᠎ᠠ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠶᠢᠨ ᠬᠢᠨ ᠲᠦᠭᠰᠢᠭᠦᠷᠢᠲᠡᠢ ᠣᠷᠣᠨ ᠭᠠᠳᠠᠭᠰᠢ ᠶᠠᠪᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠢᠶᠠᠷ ᠶᠠᠪᠤᠭᠤᠯᠤᠨ᠎ᠠ᠂ ᠬᠡᠷᠪᠡ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ | ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ ᠬᠡᠷᠡᠭᠲᠡᠢ᠃ 7 ᠡᠳᠦᠷ ᠤᠨ ᠳᠣᠲᠣᠷ᠎ᠠ ᠳᠤᠮᠳᠠ᠂ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠤ | ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠠᠴᠠ ᠮᠠᠨ ᠤ ᠬᠤᠰᠢᠭᠤᠨ ᠳᠤ ᠪᠤᠴᠠᠵᠤ | ᠢᠷᠡᠭᠰᠡᠨ ᠬᠥᠮᠥᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ | ᠪᠤᠶᠤ ᠪᠠᠭᠤᠳᠠᠯ ᠳᠤ ᠣᠷᠣᠵᠤ ᠰᠠᠭᠤᠭᠰᠠᠨ ᠪᠠᠶᠢᠳᠠᠯ ᠢᠶᠠᠨ ᠮᠡᠳᠡᠭᠦᠯᠵᠦ᠂ 3 ᠡᠳᠦᠷ ᠤᠨ ᠳᠣᠲᠣᠷ᠎ᠠ ᠬᠤᠶᠠᠷ | ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ︵ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ | ᠲᠠᠢ 24 ᠴᠠᠭ ᠠᠯᠤᠰᠯᠠᠬᠤ ᠬᠡᠷᠡᠭᠲᠡᠢ︶ ᠬᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ | ᠵᠠᠷᠴᠢᠮ ᠳᠡᠭᠡᠷ᠎ᠡ ᠪᠠᠨ ᠭᠠᠳᠠᠭᠰᠢ ᠭᠠᠷᠬᠤ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠢ᠃ | ᠳᠡᠭᠡᠷ᠎ᠡ ᠳᠤᠷᠠᠳᠤᠭᠰᠠᠨ ᠬᠥᠮᠥᠰ ᠠᠴᠠ ᠪᠤᠰᠤᠳ ᠮᠠᠨ ᠤ ᠬᠤᠰᠢᠭᠤᠨ ᠳᠤ ᠢᠷᠡᠭᠰᠡᠨ ᠬᠥᠮᠥᠰ ᠢ | ᠠᠶᠠᠨᠴᠢᠳ ᠤᠨ ᠥᠷᠲᠡᠭᠡ ᠪᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ ᠲᠤ ᠡᠷᠡᠭᠦᠯ ᠮᠡᠨᠳᠦ ᠶᠢᠨ ᠺᠣᠳ᠋᠂ | ᠠᠶᠠᠯᠠᠯ ᠤᠨ ᠺᠣᠳ᠋ ᠢ ᠨᠢ ᠪᠠᠶᠢᠴᠠᠭᠠᠨ ᠰᠢᠯᠭᠠᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ | ᠬᠤᠰᠢᠭᠤᠨ ᠳᠤ ᠢᠷᠡᠭᠰᠡᠨ ᠬᠥᠮᠥᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ | ᠰᠢᠯᠭᠠᠬᠤ ᠶᠢᠨ ᠬᠠᠮᠲᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ | ᠪᠠᠶᠢᠴᠠᠭᠠᠨ ᠰᠢᠯᠭᠠᠨ᠎ᠠ᠃ ᠬᠥᠯᠥᠨ ᠪᠤᠶᠢᠷ ᠬᠤᠲᠠ ᠶᠢᠨ ᠬᠡᠪᠴᠢᠶᠡᠨ ᠳᠤ ᠣᠷᠤᠭᠰᠠᠨ ᠤ ᠳᠠᠷᠠᠭ᠎ᠠ ᠪᠥᠭᠡᠮ | ᠬᠦᠴᠢᠯ ᠤᠨ ᠪᠠᠶᠢᠴᠠᠭᠠᠯᠲᠠ ᠶᠢᠨ ᠭᠡᠷᠡᠴᠢ ᠬᠠᠩᠭᠠᠵᠤ ᠳᠡᠶᠢᠯᠬᠦ ᠦᠭᠡᠢ ᠪᠣᠯ᠂ ᠦᠨ᠎ᠡ ᠲᠥᠯᠥᠪᠦᠷᠢ ᠦᠭᠡᠢ ᠪᠠᠷ | ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠬᠢᠭᠰᠡᠨ ᠤ ᠳᠠᠷᠠᠭ᠎ᠠ ᠳᠠᠷᠤᠶᠢᠬᠠᠨ ᠶᠠᠪᠤᠵᠤ ᠪᠣᠯᠣᠨ᠎ᠠ᠃ | ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠪᠦᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠳᠠᠯᠳᠤᠭ᠎ᠠ ᠬᠡᠳᠦ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠵᠤᠭ᠎ᠠ | ᠴᠡᠩᠭᠡᠯ ᠤᠨ ᠭᠠᠵᠠᠷ᠂ ᠦᠰᠦ ᠵᠠᠰᠠᠬᠤ ᠤᠬᠢᠶᠠᠯᠭ᠎ᠠ ᠶᠢᠨ ᠲᠠᠯᠠᠪᠤᠷ ᠭᠠᠵᠠᠷ ᠵᠡᠷᠭᠡ ᠡᠵᠡᠩᠨᠡᠯᠲᠡ ᠶᠢᠨ ᠴᠢᠨᠠᠷᠲᠠᠢ | ᠲᠠᠯᠠᠪᠤᠷ ᠭᠠᠵᠠᠷ ᠵᠢᠴᠢ ᠮᠠᠰᠢᠨ ᠲᠡᠷᠭᠡᠨ ᠤ ᠥᠷᠲᠡᠭᠡ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ᠂ ᠪᠡᠶ᠎ᠡ ᠶᠢᠨ | ᠲᠠᠮᠢᠷ ᠤᠨ ᠲᠠᠯᠠᠪᠤᠷ᠂ ᠨᠣᠮ ᠤᠨ ᠰᠠᠩ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠡᠮᠴᠢᠯᠡᠭᠡᠨ ᠤ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ᠂ | ᠪᠠᠶᠢᠴᠠᠭᠠᠨ ᠰᠢᠯᠭᠠᠬᠤ ᠥᠷᠲᠡᠭᠡ ᠴᠡᠭ᠂ ᠬᠢᠨᠠᠨ ᠬᠠᠮᠢᠶᠠᠷᠬᠤ ᠲᠠᠯᠠᠪᠤᠷ ᠭᠠᠵᠠᠷ᠂ ᠰᠤᠷᠭᠠᠭᠤᠯᠢ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ᠂ ᠴᠣᠩᠬᠤᠪᠴᠢ ᠨᠢᠭᠡᠴᠡ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ | ᠪᠠ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ | ᠭᠠᠵᠠᠷ ᠤᠨ ᠺᠣᠳ᠋ ᠰᠢᠷᠪᠢᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ | ᠪᠡᠶ᠎ᠡ ᠶᠢᠨ ᠳᠤᠯᠠᠭᠠᠨ ᠢ ᠬᠡᠮᠵᠢᠬᠦ᠂ ᠨᠢᠭᠡ ᠮᠧᠲᠷ ᠤᠨ ᠱᠤᠭᠤᠮ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠵᠡᠩᠨᠡᠯᠲᠡ ᠶᠢᠨ ᠭᠠᠵᠠᠷ ᠲᠠᠯᠠᠪᠤᠷ ᠤᠨ ᠪᠠᠶᠢᠩᠭᠤᠵᠢᠭᠰᠠᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ | ᠴᠢᠩᠭᠠᠳᠬᠠᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠲᠡᠪᠴᠢᠭᠰᠡᠨ ᠡᠵᠡᠩᠨᠡᠯᠲᠡ ᠶᠢᠨ ᠭᠠᠵᠠᠷ ᠲᠠᠯᠠᠪᠤᠷ ᠤᠨ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠢ᠃ | ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ | ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠠᠴᠠ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠵᠢᠷᠭᠤᠭ᠎ᠠ᠂ ᠸᠠᠺᠼᠢᠨ ᠤ ᠲᠠᠷᠢᠯᠭ᠎ᠠ ᠶᠢᠨ ᠠᠵᠢᠯ ᠢ ᠴᠢᠩᠭᠠᠳᠬᠠᠨ᠎ᠠ᠃ 60 ᠨᠠᠰᠤᠨ ᠠᠴᠠ ᠳᠡᠭᠡᠭᠰᠢᠬᠢ | ᠬᠥᠮᠥᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠪᠠᠬᠢᠯᠡᠯᠲᠡ ᠰᠢᠪᠲᠤᠯᠬᠤ ᠬᠤᠭᠤᠴᠠᠭᠠᠨ ᠳᠤ ᠣᠷᠣᠵᠤ᠂ ᠸᠠᠺᠼᠢᠨ ᠤ | ᠲᠠᠷᠢᠯᠭ᠎ᠠ ᠬᠢᠬᠦ ᠪᠥᠬᠦ ᠶᠠᠪᠤᠴᠠ ᠶᠢ ᠪᠡᠶᠡᠯᠡᠭᠦᠯᠪᠡᠯ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠬᠤ ᠨᠣᠷᠮ᠎ᠠ᠂ | ᠬᠦᠨᠳᠦ ᠡᠪᠡᠳᠴᠢᠯᠡᠬᠦ ᠨᠣᠷᠮ᠎ᠠ ᠪᠠ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠂ ᠸᠠᠺᠼᠢᠨ ᠤ | ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ 60 ᠨᠠᠰᠤᠨ ᠠᠴᠠ ᠳᠡᠭᠡᠭᠰᠢᠬᠢ ᠬᠥᠮᠥᠰ ᠸᠠᠺᠼᠢᠨ ᠤ ᠲᠠᠷᠢᠯᠭ᠎ᠠ ᠶᠢᠨ | ᠴᠡᠭ ᠲᠤ ᠠᠯᠢ ᠲᠦᠷᠭᠡᠨ ᠢᠶᠠᠷ ᠬᠦᠷᠴᠦ ᠲᠠᠷᠢᠯᠭ᠎ᠠ ᠬᠢᠵᠦ᠂ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠪᠠᠬᠢᠵᠢᠭᠦᠯᠬᠦ | ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 7 ᠰᠠᠷ᠎ᠠ ᠶᠢᠨ 27 ᠤ ᠡᠳᠦᠷ | | |