ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 10 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/7/28
       ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠦᠯᠦᠭᠡ᠂ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵38 ᠳ᠋ᠤᠭᠠᠷ ᠲᠣᠭᠠᠲᠤ︶︾ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵39 ᠳ᠋ᠦ᠋ᠭᠡᠷ ᠲᠣᠭᠠᠲᠤ︶︾ ᠤᠨ ᠵᠣᠷᠢᠭ ᠰᠠᠨᠠᠭ᠎ᠠ ᠶᠣᠰᠣᠭᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠡᠳᠦᠷ ᠠᠴᠠ ᠡᠬᠢᠯᠡᠨ ᠮᠠᠨ ᠤ ᠬᠤᠰᠢᠭᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ ᠤᠨ ᠺᠣᠳ᠋ ᠢ ᠡᠬᠢᠯᠡᠨ ᠬᠡᠷᠡᠭᠯᠡᠵᠦ᠂ ᠪᠠᠶᠢᠴᠠᠭᠠᠨ ᠰᠢᠯᠭᠠᠬᠤ ᠴᠡᠭ ᠢᠶᠠᠷ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠥᠰ ᠡᠷᠬᠡᠪᠰᠢ ᠺᠣᠳ᠋ ᠰᠢᠷᠪᠢᠵᠦ ᠪᠦᠷᠢᠳᠬᠡᠨ ᠳᠠᠩᠰᠠᠯᠠᠭᠤᠯᠬᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃        ᠬᠤᠶᠠᠷ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠬᠦᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠢᠯᠢ ᠪᠠᠷ ᠣᠷᠣᠭᠰᠠᠳ ᠠᠩᠬ᠎ᠠ ᠬᠢᠯᠢ ᠪᠠᠷ ᠣᠷᠤᠭᠰᠠᠨ ᠭᠠᠵᠠᠷ ᠲᠤ ᠪᠠᠨ 7 ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠤ ᠳᠠᠷᠠᠭ᠎ᠠ ᠮᠠᠨ ᠤ ᠬᠤᠰᠢᠭᠤᠨ ᠳᠤ ᠪᠤᠴᠠᠭᠰᠠᠨ ᠪᠠᠶᠢᠪᠠᠯ᠂ ᠵᠣᠷᠢᠭᠰᠠᠨ ᠭᠠᠵᠠᠷ ᠲᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠲᠤᠰᠬᠠᠢ ᠲᠡᠷᠭᠡ ᠲᠣᠬᠢᠷᠠᠭᠤᠯᠤᠨ᠂ ᠠᠩᠬ᠎ᠠ ᠬᠢᠯᠢ ᠪᠠᠷ ᠣᠷᠤᠭᠰᠠᠨ ᠴᠡᠭ ᠲᠤ ᠬᠦᠷᠴᠦ ᠪᠢᠲᠡᠭᠦᠦ ᠴᠠᠭᠠᠷᠢᠭ ᠬᠡᠯᠪᠡᠷᠢ ᠪᠠᠷ ᠰᠠᠭᠤᠭ᠎ᠠ ᠭᠠᠵᠠᠷ ᠲᠤᠨᠢ ᠰᠢᠯᠵᠢᠭᠦᠯᠦᠨ ᠬᠦᠷᠭᠡᠵᠦ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠠᠵᠢᠯᠲᠠᠨ ᠳᠤ ᠲᠤᠰᠢᠶᠠᠬᠤ ᠠᠵᠢᠯ ᠢ ᠰᠠᠶᠢᠲᠤᠷ ᠬᠢᠵᠦ᠂ 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃        ᠭᠤᠷᠪᠠ᠂ ᠨᠢᠭᠲᠠ ᠣᠶᠢᠷᠠᠲᠤᠭᠰᠠᠳ᠂ ᠳᠡᠳ᠋ ᠨᠢᠭᠲᠠ ᠣᠶᠢᠷᠠᠲᠤᠭᠰᠠᠳ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠨᠢᠭᠲᠠ ᠣᠶᠢᠷᠠᠲᠤᠭᠰᠠᠳ ᠲᠤ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾᠂ 1᠂ 2᠂ 3᠂ 5᠂ 7 ᠳ᠋ᠤᠭᠠᠷ ᠡᠳᠦᠷ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠳ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ ᠳᠡᠳ᠋ ᠨᠢᠭᠲᠠ ᠣᠶᠢᠷᠠᠲᠤᠭᠰᠠᠳ ᠴᠥᠮ ︽7 ᠡᠳᠦᠷ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ︾ ᠬᠢᠵᠦ᠂ 1᠂ 4᠂ 7 ᠳ᠋ᠤᠭᠠᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ︵ᠭᠠᠭᠴᠠ ᠬᠥᠮᠥᠨ ᠭᠠᠭᠴᠠ ᠲᠠᠰᠤᠯᠭ᠎ᠠ ᠲᠠᠢ᠂ ᠲᠤᠰᠠᠭᠠᠷ ᠠᠷᠢᠭᠤᠨ ᠴᠡᠪᠡᠷ ᠤᠨ ᠲᠠᠰᠤᠯᠭ᠎ᠠ ᠲᠠᠢ᠂ ᠪᠤᠰᠤᠳ ᠬᠥᠮᠥᠨ ᠲᠠᠢ ᠬᠤᠯᠢᠯᠳᠤᠨ ᠰᠠᠭᠤᠬᠤ ᠦᠭᠡᠢ︶ ᠪᠣᠯ ᠮᠥᠨ ᠬᠦ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠢ᠃        ᠳᠥᠷᠪᠡ᠂ ᠭᠤᠣᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ 7 ᠡᠳᠦᠷ ᠤᠨ ᠳᠣᠲᠣᠷ᠎ᠠ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ︾ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 1᠂ 2᠂ 3᠂ 5᠂ 7 ᠳ᠋ᠤᠭᠠᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠠᠴᠠ ᠡᠬᠢᠯᠡᠵᠦ ᠪᠤᠳᠤᠨ᠎ᠠ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠲᠦᠭᠰᠢᠭᠦᠷᠢᠲᠡᠢ ᠣᠷᠣᠨ ᠠᠴᠠ ᠭᠠᠳᠠᠭᠰᠢ ᠶᠠᠪᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠶᠠᠪᠤᠭᠤᠯᠤᠨ᠎ᠠ᠃ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽7 ᠡᠳᠦᠷ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ︾ ᠬᠢᠬᠦ ᠶᠢ ᠬᠡᠷᠡᠭᠵᠢᠭᠦᠯᠵᠦ᠂ 1᠂ 4᠂ 7 ᠳ᠋ᠤᠭᠠᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠠᠴᠠ ᠡᠬᠢᠯᠡᠵᠦ ᠪᠤᠳᠤᠨ᠎ᠠ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠲᠦᠭᠰᠢᠭᠦᠷᠢᠲᠡᠢ ᠣᠷᠣᠨ ᠭᠠᠳᠠᠭᠰᠢ ᠶᠠᠪᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠶᠠᠪᠤᠭᠤᠯᠤᠨ᠎ᠠ᠂ ᠬᠡᠷᠪᠡ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠢ᠃ 7 ᠡᠳᠦᠷ ᠤᠨ ᠳᠣᠲᠣᠷ᠎ᠠ ᠳᠤᠮᠳᠠ᠂ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠣᠷᠣᠵᠤ ᠰᠠᠭᠤᠭᠰᠠᠨ ᠪᠠᠶᠢᠳᠠᠯ ᠢᠶᠠᠨ ᠮᠡᠳᠡᠭᠦᠯᠵᠦ᠂ 3 ᠡᠳᠦᠷ ᠤᠨ ᠳᠣᠲᠣᠷ᠎ᠠ ᠬᠤᠶᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ︵ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ  ᠲᠠᠢ 24 ᠴᠠᠭ ᠠᠯᠤᠰᠯᠠᠬᠤ ᠬᠡᠷᠡᠭᠲᠡᠢ︶ ᠬᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠭᠠᠳᠠᠭᠰᠢ ᠭᠠᠷᠬᠤ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠢ᠃        ᠳᠡᠭᠡᠷ᠎ᠡ ᠳᠤᠷᠠᠳᠤᠭᠰᠠᠨ ᠬᠥᠮᠥᠰ ᠠᠴᠠ ᠪᠤᠰᠤᠳ ᠮᠠᠨ ᠤ ᠬᠤᠰᠢᠭᠤᠨ ᠳᠤ ᠢᠷᠡᠭᠰᠡᠨ ᠬᠥᠮᠥᠰ ᠢ ᠠᠶᠠᠨᠴᠢᠳ ᠤᠨ ᠥᠷᠲᠡᠭᠡ ᠪᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ ᠲᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠨᠢ ᠪᠠᠶᠢᠴᠠᠭᠠᠨ ᠰᠢᠯᠭᠠᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠥᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠶᠢᠨ ᠬᠠᠮᠲᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠨ᠎ᠠ᠃ ᠬᠥᠯᠥᠨ ᠪᠤᠶᠢᠷ ᠬᠤᠲᠠ ᠶᠢᠨ ᠬᠡᠪᠴᠢᠶᠡᠨ ᠳᠤ ᠣᠷᠤᠭᠰᠠᠨ ᠤ ᠳᠠᠷᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠬᠠᠩᠭᠠᠵᠤ ᠳᠡᠶᠢᠯᠬᠦ ᠦᠭᠡᠢ ᠪᠣᠯ᠂ ᠦᠨ᠎ᠡ ᠲᠥᠯᠥᠪᠦᠷᠢ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠬᠢᠭᠰᠡᠨ ᠤ ᠳᠠᠷᠠᠭ᠎ᠠ ᠳᠠᠷᠤᠶᠢᠬᠠᠨ ᠶᠠᠪᠤᠵᠤ ᠪᠣᠯᠣᠨ᠎ᠠ᠃        ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠪᠦᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠳᠠᠯᠳᠤᠭ᠎ᠠ ᠬᠡᠳᠦ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠭᠠᠵᠠᠷ᠂ ᠦᠰᠦ ᠵᠠᠰᠠᠬᠤ ᠤᠬᠢᠶᠠᠯᠭ᠎ᠠ ᠶᠢᠨ ᠲᠠᠯᠠᠪᠤᠷ ᠭᠠᠵᠠᠷ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠵᠢᠴᠢ ᠮᠠᠰᠢᠨ ᠲᠡᠷᠭᠡᠨ ᠤ ᠥᠷᠲᠡᠭᠡ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ᠂ ᠪᠡᠶ᠎ᠡ ᠶᠢᠨ ᠲᠠᠮᠢᠷ ᠤᠨ ᠲᠠᠯᠠᠪᠤᠷ᠂ ᠨᠣᠮ ᠤᠨ ᠰᠠᠩ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠮᠴᠢᠯᠡᠭᠡᠨ ᠤ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ᠂ ᠪᠠᠶᠢᠴᠠᠭᠠᠨ ᠰᠢᠯᠭᠠᠬᠤ ᠥᠷᠲᠡᠭᠡ ᠴᠡᠭ᠂ ᠬᠢᠨᠠᠨ ᠬᠠᠮᠢᠶᠠᠷᠬᠤ ᠲᠠᠯᠠᠪᠤᠷ ᠭᠠᠵᠠᠷ᠂ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠴᠣᠩᠬᠤᠪᠴᠢ ᠨᠢᠭᠡᠴᠡ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠪᠠ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ ᠭᠠᠵᠠᠷ ᠤᠨ ᠺᠣᠳ᠋ ᠰᠢᠷᠪᠢᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠪᠡᠶ᠎ᠡ ᠶᠢᠨ ᠳᠤᠯᠠᠭᠠᠨ ᠢ ᠬᠡᠮᠵᠢᠬᠦ᠂ ᠨᠢᠭᠡ ᠮᠧᠲᠷ ᠤᠨ ᠱᠤᠭᠤᠮ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠵᠡᠩᠨᠡᠯᠲᠡ ᠶᠢᠨ ᠭᠠᠵᠠᠷ ᠲᠠᠯᠠᠪᠤᠷ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠭᠠᠵᠠᠷ ᠲᠠᠯᠠᠪᠤᠷ ᠤᠨ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠢ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃        ᠵᠢᠷᠭᠤᠭ᠎ᠠ᠂ ᠸᠠᠺᠼᠢᠨ ᠤ ᠲᠠᠷᠢᠯᠭ᠎ᠠ ᠶᠢᠨ ᠠᠵᠢᠯ ᠢ ᠴᠢᠩᠭᠠᠳᠬᠠᠨ᠎ᠠ᠃ 60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠪᠠᠬᠢᠯᠡᠯᠲᠡ ᠰᠢᠪᠲᠤᠯᠬᠤ ᠬᠤᠭᠤᠴᠠᠭᠠᠨ ᠳᠤ ᠣᠷᠣᠵᠤ᠂ ᠸᠠᠺᠼᠢᠨ ᠤ ᠲᠠᠷᠢᠯᠭ᠎ᠠ ᠬᠢᠬᠦ ᠪᠥᠬᠦ ᠶᠠᠪᠤᠴᠠ ᠶᠢ ᠪᠡᠶᠡᠯᠡᠭᠦᠯᠪᠡᠯ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠬᠤ ᠨᠣᠷᠮ᠎ᠠ᠂ ᠬᠦᠨᠳᠦ ᠡᠪᠡᠳᠴᠢᠯᠡᠬᠦ ᠨᠣᠷᠮ᠎ᠠ ᠪᠠ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ 60 ᠨᠠᠰᠤᠨ ᠠᠴᠠ ᠳᠡᠭᠡᠭᠰᠢᠬᠢ ᠬᠥᠮᠥᠰ ᠸᠠᠺᠼᠢᠨ ᠤ ᠲᠠᠷᠢᠯᠭ᠎ᠠ ᠶᠢᠨ ᠴᠡᠭ ᠲᠤ ᠠᠯᠢ ᠲᠦᠷᠭᠡᠨ ᠢᠶᠠᠷ ᠬᠦᠷᠴᠦ ᠲᠠᠷᠢᠯᠭ᠎ᠠ ᠬᠢᠵᠦ᠂ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 7 ᠰᠠᠷ᠎ᠠ ᠶᠢᠨ 27 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号