ᠬᠤᠰᠢᠭᠤᠨ ᠤ ᠵᠠᠰᠠᠭ ᠤᠨ ᠣᠷᠳᠣᠨ 2022 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/7
     7 ᠰᠠᠷ᠎ᠠ ᠶᠢᠨ 6 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ 2022 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ᠂ ᠵᠠᠩ ᠢᠦᠢ ᠱᠤ᠋᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠦᠷᠭᠡᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠵᠢᠱᠢᠭᠳᠡᠭᠴᠢ ᠵᠧᠦ ᠬᠠᠢ ᠯᠢᠩ᠂ ᠱᠧᠨ ᠭᠦᠸᠧ ᠴᠧᠨ ᠬᠤᠷᠠᠯ ᠳᠤ ᠣᠷᠣᠯᠴᠠᠪᠠ᠃
     ᠬᠤᠷᠠᠯ ᠳᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ   ᠠᠴᠠ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠳᠠᠷᠤᠮᠠᠯᠯᠠᠨ ᠲᠠᠷᠬᠠᠭᠠᠭᠰᠠᠨ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠰᠤᠷᠤᠯᠴᠠᠵᠤ᠂ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠠᠯᠲᠠᠲᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠣᠨ ᠤ ᠲᠥᠯᠥᠪᠯᠡᠭᠡ ᠲᠣᠭᠲᠠᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠬᠠᠷᠠᠯᠲᠠ ᠰᠡᠳᠬᠢᠮᠵᠢ ᠶᠢ ᠪᠠᠲᠤ ᠡᠵᠡᠮᠰᠢᠵᠦ᠂ ᠳᠡᠭᠡᠳᠦ ᠪᠠᠶᠢᠷᠢᠨ ᠳᠤ ᠨᠢᠭᠡᠳᠦᠯᠲᠡᠢ ᠲᠥᠯᠥᠪᠵᠢᠭᠦᠯᠦᠨ ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠵᠤ᠂ ᠲᠠᠶᠢᠴᠢᠯᠠᠨ ᠪᠠᠶᠢᠷᠢᠯᠠᠭᠤᠯᠬᠤ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ᠂ ᠳ᠋ᠦᠩᠨᠡᠨ ᠤᠬᠠᠭᠤᠯᠬᠤ ᠶᠢ ᠬᠠᠷᠢᠯᠴᠠᠨ ᠵᠣᠯᠭᠠᠯᠳᠤᠭᠤᠯᠤᠭᠰᠠᠨ ᠠᠵᠢᠯ ᠤᠨ ᠬᠡᠯᠬᠢᠶ᠎ᠡ ᠶᠢ ᠪᠦᠷᠢᠯᠳᠦᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠯᠪᠣᠭᠳᠠᠯ ᠵᠦᠢᠯ ᠤᠳ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号