ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠠᠷᠠᠴᠢᠨ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/8/11
       8 ᠳ᠋ᠤᠭᠠᠷ ᠰᠠᠷ᠎ᠠ ᠶᠢᠨ 8 ᠤ ᠡᠳᠦᠷ᠂ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠶᠠᠪᠤᠭᠳᠠᠪᠠ᠃        ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠲᠠᠳ ᠡᠮ ᠡᠮᠨᠡᠯᠭᠡ ᠶᠢᠨ ᠬᠦᠷᠢᠶᠡᠨ ᠳᠠᠬᠢ 12 ᠨᠠᠷᠠᠲᠤ ᠲᠤᠰᠬᠠᠢ ᠮᠡᠷᠭᠡᠵᠢᠯᠲᠡᠨ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠵᠥᠪᠯᠡᠭᠴᠢ ᠪᠠ ᠲᠤᠰᠬᠠᠢ ᠮᠡᠷᠭᠡᠵᠢᠯᠲᠡᠨ ᠤ ᠲᠤᠰᠢᠶᠠᠯ ᠢ ᠡᠭᠦᠷᠭᠡᠯᠡᠵᠦ᠂ ᠬᠠᠷᠠᠴᠢᠨ ᠬᠤᠰᠢᠭᠤᠨ ᠤ ᠲᠣᠰ ᠭᠠᠵᠠᠷ ᠤᠨ ᠠᠵᠤ ᠠᠬᠤᠶᠢᠯᠠᠯ ᠳᠤ ︽ᠴᠢᠨᠠᠷ ᠰᠠᠶᠢᠲᠠᠢ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ︾ ᠤ ᠴᠣᠯᠠ ᠣᠯᠭᠤᠪᠠ᠃        ᠲᠤᠰ ᠬᠤᠭᠤᠴᠠᠭᠠᠨ ᠤ ᠶᠡᠭᠡ ᠬᠤᠷᠠᠯ ᠢ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ︽ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠭᠤᠣᠯ ᠰᠡᠳᠦᠪ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠦᠷᠦᠭᠦᠴᠦᠳ ᠤᠨ ᠶᠠᠷᠢᠶᠠᠨ ᠤ ᠲᠠᠪᠴᠠᠩ᠂ ᠮᠡᠷᠭᠡᠵᠢᠯ ᠤᠨ ᠰᠣᠯᠢᠯᠴᠠᠭ᠎ᠠ᠂ ᠲᠤᠷᠰᠢᠯᠭ᠎ᠠ ᠪᠠᠨ ᠬᠤᠪᠢᠶᠠᠯᠴᠠᠬᠤ᠂ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ᠂ ᠡᠬᠢ ᠪᠠᠶᠠᠯᠢᠭ ᠢ ᠵᠣᠯᠭᠠᠭᠤᠯᠬᠤ᠂ ᠪᠦᠲᠦᠭᠡᠭᠳᠡᠬᠦᠨ ᠤ ᠰᠣᠯᠢᠯᠴᠠᠭ᠎ᠠ᠂ ᠲᠥᠷᠥᠯ ᠵᠦᠢᠯ ᠤᠨ ᠵᠥᠪᠳᠡᠯᠴᠡᠭᠡ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠡᠷᠳᠡᠨᠢᠰ ᠤᠨ ᠬᠠᠳᠠᠭᠠᠯᠠᠭᠳᠠᠴᠠ ᠶᠢ ᠤᠯᠠᠮ ᠨᠢᠭᠡ ᠠᠯᠬᠤᠮ ᠠᠭᠤᠳᠠᠯᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃        ᠣᠶᠢᠯᠠᠭᠠᠭᠰᠠᠨ ᠢᠶᠠᠷ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢᠯᠡᠳᠲᠡ ᠪᠠᠶᠢᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠳᠠᠷᠢᠭᠠᠳ ᠨᠢᠭᠡᠨᠲᠡ 300 ᠭᠠᠷᠤᠢ ᠵᠢᠯ ᠤᠨ ᠲᠡᠦᠬᠡ ᠲᠠᠢ ᠪᠣᠯᠵᠠᠢ᠃ ᠪᠥᠬᠦ ᠬᠤᠰᠢᠭᠤᠨ ᠳᠤ ᠵᠡᠷᠯᠢᠭ ᠬᠢᠲᠠᠳ ᠡᠮ ᠤᠨ ᠮᠠᠲ᠋ᠧᠷᠢᠶᠠᠯ ᠤᠨ ᠤᠷᠭᠤᠮᠠᠯ 1000 ᠰᠢᠬᠠᠮ ᠵᠦᠢᠯ ᠪᠠᠶᠢᠵᠤ᠂ ᠬᠥᠮᠥᠨ ᠤ ᠬᠦᠴᠦ ᠪᠠᠷ ᠳᠠᠷᠢᠵᠤ ᠤᠷᠭᠤᠭᠤᠯᠤᠭᠰᠠᠨ ᠡᠮ ᠤᠨ ᠮᠠᠲ᠋ᠧᠷᠢᠶᠠᠯ 27 ᠵᠦᠢᠯ ᠳᠤ ᠬᠦᠷᠴᠦ᠂ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠴᠢᠨᠠᠷ ᠰᠠᠶᠢᠲᠠᠢ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠭᠤᠣᠯ ᠭᠠᠷᠤᠯᠲᠠ ᠶᠢᠨ ᠭᠠᠵᠠᠷ ᠪᠣᠯᠤᠭᠰᠠᠨ ᠪᠠᠶᠢᠨ᠎ᠠ᠃ ᠪᠥᠬᠦ ᠬᠤᠰᠢᠭᠤᠨ ᠤ ᠡᠮ ᠤᠨ ᠠᠵᠤ ᠠᠬᠤᠶᠢᠯᠠᠯ 25᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠢ ᠬᠤᠷᠰᠢᠶ᠎ᠠ 520 ᠪᠠᠶᠢᠵᠤ᠂ ᠴᠠᠭᠠᠨ ᠰᠣᠷᠣᠯᠣ᠂ ᠬᠤᠷᠳᠤᠨ ᠴᠠᠭᠠᠨ ᠤ ᠭᠠᠷᠤᠯᠲᠠ ᠲᠣᠰ ᠲᠣᠰ ᠪᠥᠬᠦ ᠤᠯᠤᠰ ᠤᠨ ᠶᠡᠷᠦᠩᠬᠡᠢ ᠭᠠᠷᠤᠯᠲᠠ ᠶᠢᠨ 80% ᠪᠠ 60% ᠶᠢ ᠡᠵᠡᠯᠡᠵᠦ᠂ ᠪᠣᠷᠤᠯᠠᠭᠤᠯᠭ᠎ᠠ ᠶᠢᠨ ᠲᠣᠣᠷ ᠪᠥᠬᠦ ᠤᠯᠤᠰ ᠤᠨ 30 ᠮᠤᠵᠢ ᠬᠤᠲᠠ ᠣᠷᠣᠨ ᠳᠤ ᠲᠦᠭᠡᠵᠦ᠂ ᠵᠢᠯ ᠤᠨ ᠶᠡᠷᠦᠩᠬᠡᠢ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠢ ᠳᠠᠪᠠᠵᠤ᠂ ᠨᠢᠭᠡᠨᠲᠡ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠲᠤᠯᠭᠠᠭᠤᠷᠢ ᠠᠵᠤ ᠦᠢᠯᠡᠰ ᠪᠣᠯᠤᠭᠰᠠᠨ ᠪᠠᠶᠢᠨ᠎ᠠ᠃ 2021 ᠣᠨ ᠳᠤ᠂ ︽ᠨᠢᠦ ᠵᠢᠶᠠ ᠶᠢᠩᠽᠢ ᠶᠢᠨ ᠴᠠᠭᠠᠨ ᠰᠣᠷᠣᠯᠣ︾ ︽ᠨᠢᠦ ᠵᠢᠶᠠ ᠶᠢᠩᠽᠢ ᠶᠢᠨ ᠬᠤᠷᠳᠤᠨ ᠴᠠᠭᠠᠨ︾ ᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠲᠤ ᠣᠷᠣᠭᠤᠯᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号