ᠮᠠᠨ ᠤ ᠣᠷᠣᠨ ︽ᠰᠢᠵᠢᠷ ᠠᠯᠲᠠ ᠴᠠᠭᠠᠨ ᠮᠥᠩᠭᠦ︾ ᠪᠠᠷ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠵᠦ ᠪᠣᠶ
ᠨᠡᠶᠢᠲᠡᠯᠡᠭᠰᠡᠨ ᠴᠠᠭ᠄
2022/8/11
       ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ︽2022 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ︵ᠳᠥᠷᠪᠡᠳᠦᠭᠡᠷ ᠪᠦᠯᠦᠭ︶ ᠶᠢᠨ ᠳᠡᠮᠵᠢᠬᠦ ᠪᠠᠷ ᠪᠠᠶᠢᠭ᠎ᠠ ᠲᠥᠷᠥᠯ ᠵᠦᠢᠯ︾ ᠢ ᠵᠠᠷᠯᠠᠨ ᠨᠡᠶᠢᠲᠡᠯᠡᠵᠦ᠂ ︽ᠰᠢᠵᠢᠷ ᠠᠯᠲᠠ ᠴᠠᠭᠠᠨ ᠮᠥᠩᠭᠦ︾ ᠪᠠᠷ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠪᠠᠷ ᠪᠣᠯᠪᠠ᠃        ᠪᠡᠯᠡ ᠮᠥᠩᠭᠦ ᠶᠢᠨ ᠨᠥᠬᠦᠪᠦᠷᠢ ᠶᠢᠨ ᠬᠡᠪᠴᠢᠶ᠎ᠡ ᠠᠴᠠ ᠦᠵᠡᠪᠡᠯ᠂ ᠲᠡᠷᠢᠭᠦᠨ ᠤ ᠦᠢᠯᠡᠳᠬᠡᠯ ᠤᠨ ᠦᠢᠯᠡᠰ ᠤᠨ ᠪᠦᠯᠦᠭᠯᠡᠯ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠵᠢᠭᠡᠯᠡᠯᠭᠡ ᠶᠢᠨ ᠳᠠᠮ ᠬᠦᠦ ᠶᠢᠨ ᠨᠥᠬᠦᠪᠦᠷᠢ ᠶᠢ ᠪᠠᠭᠲᠠᠭᠠᠵᠤ᠂ ᠲᠡᠷᠢᠭᠦᠨ ᠤ ᠦᠢᠯᠡᠳᠬᠡᠯ ᠤᠨ ᠦᠢᠯᠡᠰ ᠤᠨ ᠪᠦᠯᠦᠭᠯᠡᠯ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠨᠥᠬᠦᠪᠦᠷᠢ᠂ ᠪᠣᠬᠢᠷᠳᠤᠯ ᠦᠭᠡᠢ ᠦᠢᠯᠡᠳᠬᠡᠯ ᠤᠨ ᠵᠢᠱᠢᠶ᠎ᠡ ᠦᠵᠡᠭᠦᠯᠬᠦ ᠨᠥᠬᠦᠪᠦᠷᠢ᠂ ᠤᠰᠤ ᠠᠷᠪᠢᠯᠠᠬᠤ ᠬᠡᠪ ᠳᠠᠭᠤᠷᠢᠶᠠᠯ ᠤᠨ ᠨᠥᠬᠦᠪᠦᠷᠢ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢᠨ ᠨᠥᠬᠦᠪᠦᠷᠢ᠂ ᠣᠯᠠᠨ ᠤᠯᠤᠰ ᠤᠨ ᠪᠤᠶᠤ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢᠨ ᠨᠥᠬᠦᠪᠦᠷᠢ᠂ ᠮᠠᠰᠢᠨ ᠢᠶᠠᠷ ᠬᠥᠮᠥᠨ ᠢ ᠣᠷᠣᠯᠠᠭᠤᠯᠬᠤ ᠵᠢᠴᠢ ᠣᠶᠤᠨᠴᠢ ᠦᠢᠯᠡᠳᠬᠡᠯ ᠤᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠨᠥᠬᠦᠪᠦᠷᠢ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠤᠨ ᠨᠥᠬᠦᠪᠦᠷᠢ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢ ᠲᠣᠭᠠᠴᠢᠯᠠᠨ ᠮᠥᠷᠳᠡᠵᠦ ᠪᠣᠯᠬᠤ ᠲᠠᠪᠴᠠᠩ ᠤᠨ ᠨᠥᠬᠦᠪᠦᠷᠢ᠂ ᠠᠵᠤ ᠦᠢᠯᠡᠳᠪᠦᠷᠢ ᠶᠢᠨ ᠲᠣᠭᠠᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠨᠥᠬᠦᠪᠦᠷᠢ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠨᠥᠬᠦᠪᠦᠷᠢ ᠵᠡᠷᠭᠡ 11 ᠶᠡᠭᠡ ᠲᠥᠷᠥᠯ ᠤᠨ 500 ᠭᠠᠷᠤᠢ ᠨᠥᠬᠦᠪᠦᠷᠢ ᠶᠢᠨ ᠲᠥᠷᠥᠯ ᠵᠦᠢᠯ ᠢ ᠪᠠᠭᠲᠠᠭᠠᠵᠠᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠠᠵᠤ ᠦᠢᠯᠡᠰ ᠤᠨ ᠰᠠᠭᠤᠷᠢ ᠮᠥᠩᠭᠦ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃        ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠡᠷᠢᠭᠦᠨ ᠤ ᠦᠢᠯᠡᠳᠬᠡᠯ ᠤᠨ ᠦᠢᠯᠡᠰ ᠤᠨ ᠴᠤᠭᠯᠠᠷᠠᠯ ᠪᠠ ᠠᠵᠤ ᠦᠢᠯᠡᠰ ᠤᠨ ᠬᠡᠯᠬᠢᠶ᠎ᠡ ᠶᠢᠨ ᠴᠢᠬᠤᠯᠠ ᠶᠡᠭᠡ ᠲᠥᠷᠥᠯ ᠵᠦᠢᠯ ᠢ ᠳᠡᠮᠵᠢᠵᠦ᠂ ᠠᠵᠤ ᠦᠢᠯᠡᠰ ᠤᠨ ᠰᠠᠭᠤᠷᠢ ᠮᠥᠩᠭᠦ ᠶᠢ 80 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠷᠡᠭᠯᠡᠬᠦ ᠪᠠᠷ ᠴᠢᠷᠮᠠᠶᠢᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ 100 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢ ᠮᠥᠩᠭᠦ ᠶᠢ ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠠᠷ ᠲᠡᠮᠵᠢᠨ᠎ᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号