﹇ᠦᠰᠦᠭ ᠪᠢᠴᠢᠭ ᠢᠶᠠᠷ ᠦᠭᠦᠯᠡᠬᠦᠢ﹈ ᠬᠤᠰᠢᠭᠤᠨ ᠤ ᠵᠠᠰᠠᠭ ᠤᠨ ᠣᠷᠳᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
       8 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠵᠠᠰᠠᠭ ᠤᠨ ᠣᠷᠳᠣᠨ 2022 ᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠤᠯᠠᠮᠵᠢᠯᠠᠭᠰᠠᠨ ᠨᠢ᠄        ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠠᠮᠢᠶ᠎ᠠ ᠪᠦᠬᠦᠢ ᠰᠠᠯᠠᠭ᠎ᠠ ᠮᠦᠴᠢᠷ ᠤᠨ 1 - 7 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ ᠱᠠᠭᠠᠷᠳᠠᠭᠰᠠᠨ ᠨᠢ᠄        ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠥᠨᠳᠥᠷᠴᠡ ᠠᠴᠠ ᠠᠰᠠᠭᠤᠳᠠᠯ ᠢ ᠦᠵᠡᠵᠦ᠂ ᠤᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠤᠪᠢ ᠬᠥᠮᠥᠨ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠵᠡᠷᠭᠡ ᠠᠵᠢᠯ ᠳᠤ ᠦᠷᠭᠦᠯᠵᠢᠯᠡᠨ ᠬᠦᠴᠦᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾ ᠶᠢ ᠲᠡᠮᠡᠴᠡᠨ ᠣᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃        ᠪᠤᠰᠤᠳ ᠠᠭᠤᠯᠭ᠎ᠠ        ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号