ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠡᠨᠦᠭᠦᠯᠴᠢᠳ ᠢ ᠬᠠᠯᠠᠮᠵᠢᠯᠠᠨ ᠬᠠᠶᠢᠷᠠᠯᠠᠬᠤ ᠲᠤᠰᠬᠠᠢ ᠲᠦᠷᠦᠯ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/8/15
       ᠲᠡᠨᠦᠭᠦᠯᠴᠢᠳ ᠢ ᠠᠪᠤᠷᠠᠨ ᠲᠤᠰᠠᠯᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠤᠰᠠᠳᠠ᠂ ᠣᠶᠢᠷ᠎ᠠ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠡᠨᠦᠭᠦᠯᠴᠢᠳ ᠢ ᠬᠠᠯᠠᠮᠵᠢᠯᠠᠬᠤ ᠲᠤᠰᠬᠠᠢ ᠲᠦᠷᠦᠯ ᠤᠨ ᠬᠦᠳᠡᠯᠭᠡᠭᠡᠨ ᠦᠷᠨᠢᠭᠦᠯᠵᠦ᠂ ᠵᠡᠭᠡᠯᠢ ᠪᠠᠷ ᠲᠣᠭᠤᠷᠢᠨ ᠪᠠᠶᠢᠴᠠᠭᠠᠬᠤ ᠪᠠᠷ ᠳᠠᠮᠵᠢᠵᠤ᠂ ᠲᠡᠨᠦᠭᠦᠯᠴᠢᠳ ᠢ ᠠᠪᠤᠷᠠᠨ ᠲᠤᠰᠠᠯᠠᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠪᠡ᠃
       ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠵᠢᠯᠲᠠᠳ ᠬᠤᠳᠠᠯᠳᠤᠭᠠᠨ ᠤ ᠲᠣᠭᠤᠷᠢᠭ᠂ ᠮᠠᠰᠢᠨ ᠲᠡᠷᠭᠡᠨ ᠤ ᠦᠷᠲᠡᠭᠡ᠂ ᠬᠠᠶᠠᠭᠳᠠᠮᠠᠯ ᠭᠡᠷ ᠪᠠᠶᠢᠰᠢᠩ ᠢᠶᠠᠷ ᠲᠣᠭᠤᠷᠢᠨ ᠪᠠᠶᠢᠴᠠᠭᠠᠬᠤ ᠭᠤᠣᠯᠳᠠᠯᠭ᠎ᠠ ᠶᠢᠨ ᠴᠡᠭ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠲᠦᠷᠢᠶᠡᠰᠦᠨ ᠮᠠᠰᠢᠨ ᠤ ᠵᠢᠯᠣᠭᠤᠴᠢ ᠵᠡᠷᠭᠡ ᠬᠠᠯᠠᠭᠤᠨ ᠰᠡᠳᠬᠢᠯᠲᠦ ᠣᠯᠠᠨ ᠲᠦᠮᠡᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢ ᠶᠢ ᠦᠷᠭᠡᠨ ᠢᠶᠠᠷ ᠳᠠᠶᠢᠴᠢᠯᠠᠨ ᠲᠡᠨᠦᠭᠦᠯᠴᠢᠨ ᠤ ᠰᠦᠪᠡᠭᠴᠢ ᠶᠢ ᠬᠠᠩᠭᠠᠵᠤ ᠬᠦᠲᠦᠯᠦᠨ ᠵᠢᠯᠣᠭᠤᠳᠴᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠳᠤ ᠬᠦᠮᠦᠨ ᠪᠦᠬᠦᠨ ᠠᠪᠤᠷᠠᠨ ᠲᠤᠰᠠᠯᠠᠬᠤ ᠠᠵᠢᠯ ᠢ ᠠᠩᠬᠠᠷᠴᠤ᠂ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ᠃
       ᠲᠤᠰ ᠤᠳᠠᠭ᠎ᠠ ᠶᠢᠨ ᠬᠦᠳᠡᠯᠭᠡᠭᠡᠨ ᠢᠶᠠᠷ ᠳᠠᠮᠵᠢᠨ᠂ ᠠᠷᠠᠳ ᠤᠨ ᠶᠠᠪᠤᠳᠠᠯ ᠤᠨ ᠠᠵᠢᠯᠲᠠᠳ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ᠂ ᠲᠦᠷᠢᠶᠡᠰᠦᠨ ᠮᠠᠰᠢᠨ ᠤ ᠵᠢᠯᠣᠭᠤᠴᠢ ᠬᠤᠭᠤᠷᠣᠨᠳᠤ ᠪᠠᠨ ᠨᠡᠩ ᠨᠢᠭᠲᠠ ᠬᠠᠷᠢᠴᠠᠭ᠎ᠠ ᠪᠠᠶᠢᠭᠤᠯᠵᠤ᠂ ᠬᠤᠶᠢᠨᠠᠬᠢ ᠬᠤᠭᠤᠴᠠᠭᠠᠨ ᠤ ᠲᠡᠨᠦᠭᠦᠯᠴᠢᠨ ᠢ ᠠᠪᠤᠷᠠᠨ ᠲᠤᠰᠠᠯᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号