ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/15
       ᠣᠶᠢᠷ᠎ᠠ ᠳᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ᠃
       ᠬᠤᠷᠠᠯ ᠳᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠳᠤᠷᠢᠳᠬᠤ ᠪᠠᠭ ᠬᠠᠷᠢᠴᠠᠭᠤᠯᠤᠨ ᠪᠠᠶᠢᠴᠠᠭᠠᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠡᠭᠦᠰᠦᠭᠰᠡᠨ ᠰᠢᠯᠲᠠᠭᠠᠨ ᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠪᠠ᠃ ᠳᠠᠷᠠᠭ᠎ᠠ ᠨᠢ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠤᠨ ᠭᠤᠣᠯ ᠰᠡᠳᠦᠪ ᠲᠠᠢ ᠤᠶᠠᠯᠳᠤᠭᠤᠯᠤᠨ᠂ ᠬᠤᠪᠢ ᠬᠦᠮᠦᠨ ᠤ ᠬᠠᠷᠢᠴᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠲᠥᠪ ᠴᠢᠩᠭ᠎ᠠ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠡ᠃
       ᠬᠤᠷᠠᠯ ᠠᠴᠠ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠨᠢ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠦᠵᠡ ᠰᠠᠨᠠᠭᠠᠨ ᠤ ᠪᠠᠲᠤᠯᠠᠭ᠎ᠠ ᠬᠠᠩᠭᠠᠵᠤ᠂ ᠬᠠᠷᠠᠯᠲᠠ ᠪᠠ ᠴᠢᠭᠯᠡᠯ ᠢ ᠲᠣᠳᠣᠷᠬᠠᠶᠢᠯᠠᠵᠤ ᠥᠭᠪᠡ᠃ ᠤᠯᠤᠰ ᠲᠦᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠳᠡᠪᠬᠢᠲᠡᠢ ᠪᠦᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠤᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠥ ᠶᠢᠨ ᠡᠭᠦᠷᠭᠡ ᠪᠠ ᠭᠤᠣᠯ ᠠᠵᠢᠯ ᠪᠣᠯᠭᠠᠨ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠦᠢᠯᠡᠰ ᠤᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号