8 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ | ᠡᠪᠯᠡᠯ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ | ᠬᠤᠷᠠᠯᠳᠤᠵᠤ᠂ ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ | ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠤᠳᠤᠷᠢᠳᠬᠤ ᠪᠠᠶᠢᠭᠤᠯᠤᠮᠵᠢ ᠶᠢ ᠰᠣᠩᠭᠤᠨ | ᠭᠠᠷᠭᠠᠪᠠ᠃ | ᠳᠤᠮᠳᠠᠳᠤ ᠶᠢᠨ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠳᠡᠳ᠋ ᠳᠠᠷᠤᠭ᠎ᠠ ᠯᠢᠦ ᠸᠧᠶ ᠪᠠᠶᠠᠷ ᠤᠨ ᠦᠭᠡ | ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠥᠪᠡᠷᠲᠡᠭᠡᠨ ᠵᠠᠰᠠᠬᠤ ᠣᠷᠣᠨ ᠤ | ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ | ᠳᠠᠷᠤᠭ᠎ᠠ ᠪᠠᠷ ᠰᠣᠩᠭᠤᠭᠳᠠᠪᠠ᠃ | ᠴᠢ᠊ ᠪᠠᠲᠤ᠂ ᠰᠢᠨ᠎ᠡ ᠴᠠᠭ ᠦᠶ᠎ᠡ ᠶᠢᠨ ᠨᠢᠭᠦᠯᠡᠰᠦᠩᠭᠦᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠳᠤ᠂ ᠬᠠᠮᠢᠶᠠᠷᠤᠯᠲᠠ ᠨᠢ ᠵᠢᠷᠤᠮᠵᠢᠩᠭᠤᠢ᠂ ᠠᠵᠢᠯᠯᠠᠭᠠᠨ ᠨᠢ ᠲᠤᠰᠬᠠᠶᠢᠵᠢᠭᠰᠠᠨ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠨᠢᠭᠡ ᠪᠦᠯᠦᠭ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠴᠢᠷᠮᠠᠶᠢᠨ | ᠪᠤᠶᠢᠵᠢᠭᠤᠯᠵᠤ᠂ ᠮᠦᠩᠬᠦ ᠴᠤᠭᠯᠠᠭᠤᠯᠬᠤ ᠪᠠ ᠬᠡᠷᠡᠭᠯᠡᠬᠦ ᠶᠢ ᠰᠠᠯᠭᠠᠭᠰᠠᠨ᠂ ᠥᠨᠳᠥᠷ ᠪᠦᠲᠦᠮᠵᠢᠲᠡᠶ ᠪᠥᠭᠡᠳ ᠢᠯᠭᠤᠮ | ᠰᠢᠯᠤᠭᠤᠬᠠᠨ᠂ ᠢᠯᠡ ᠲᠣᠳᠣ ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ ᠵᠠᠰᠠᠭ ᠤᠨ ᠣᠷᠳᠣᠨ ᠠᠴᠠ ᠬᠢᠨᠠᠨ | ᠬᠠᠮᠢᠶᠠᠷᠤᠭᠰᠠᠨ᠂ ᠨᠡᠶᠢᠭᠡᠮ ᠠᠴᠠ ᠬᠢᠨᠠᠯᠲᠠ ᠲᠠᠯᠪᠢᠭᠰᠠᠨ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠭᠰᠠᠨ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠣᠷᠣᠯᠴᠠᠭᠰᠠᠨ᠂ ᠡᠯ᠎ᠡ ᠲᠠᠯ᠎ᠠ ᠶᠢᠨ ᠬᠢᠨ ᠳᠡᠮᠵᠢᠭᠰᠡᠨ᠂ | ᠨᠢᠭᠦᠯᠡᠰᠦᠩᠭᠦᠶ ᠶᠢᠨ ᠦᠢᠯᠡᠰ ᠢᠷᠠᠭᠤ ᠠᠯᠳᠠᠷᠲᠠᠶ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ | ᠴᠠᠭ ᠦᠶ᠎ᠡ ᠶᠢᠨ ᠨᠢᠭᠦᠯᠡᠰᠦᠩᠭᠦᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠢ ᠡᠪᠯᠡᠯ ᠳᠤᠮᠳᠠᠳᠤ ᠶᠢᠨ | ᠣᠯᠠᠨ ᠤᠯᠤᠰ ᠤᠨ ᠰᠢᠨᠵᠢᠯᠡᠬᠦ ᠤᠬᠠᠭᠠᠨ ᠤ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ᠂ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠥᠪᠥᠷ ᠮᠣᠩᠭᠤᠯ ᠤᠨ ︽ᠪᠥᠬᠦ | ᠠᠷᠠᠳ ᠤᠨ ᠡᠷᠡᠭᠦᠯ ᠮᠡᠨᠳᠦ ᠶᠢᠨ ᠴᠡᠭ ᠲᠣᠭᠲᠠᠭᠠᠨ ᠬᠠᠪᠰᠤᠷᠤᠨ ᠲᠡᠳᠬᠦᠵᠦ ᠲᠤᠰᠠᠯᠠᠬᠤ ᠲᠥᠷᠥᠯ ᠵᠦᠢᠯ︾ ᠤᠨ | ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ | ᠣᠶᠢᠯᠠᠭᠠᠭᠰᠠᠨ ᠢᠶᠠᠷ᠂ 2009 ᠣᠨ ᠠᠴᠠ 2021 ᠣᠨ ᠤ ᠰᠡᠭᠦᠯᠴᠢ ᠪᠣᠯᠲᠠᠯ᠎ᠠ ᠥᠪᠡᠷᠲᠡᠭᠡᠨ ᠵᠠᠰᠠᠬᠤ | ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠡᠮᠴᠢᠯᠡᠭᠡ ᠶᠢ ᠲᠤᠰᠠᠯᠠᠬᠤ᠂ ᠰᠤᠷᠤᠯᠭ᠎ᠠ ᠶᠢ ᠲᠤᠰᠠᠯᠠᠬᠤ᠂ ᠰᠤᠷᠭᠠᠨ | ᠬᠥᠮᠦᠵᠢᠯ ᠢ ᠳᠡᠮᠵᠢᠭ᠊᠂ ᠶᠠᠳᠠᠭᠤ ᠶᠢ ᠲᠡᠳᠬᠦᠬᠦ᠂ ᠭᠠᠮᠰᠢᠭ ᠠᠴᠠ ᠠᠪᠤᠷᠬᠠᠤ᠂ ᠨᠠᠰᠤᠲᠠᠨ ᠢ ᠲᠦᠪᠬᠢᠨᠡᠬᠦᠯᠬᠦ᠂ ᠥᠨᠥᠴᠢᠨ | ᠬᠡᠦᠬᠡᠳ ᠢ ᠲᠤᠰᠠᠯᠠᠬᠤ ᠵᠡᠷᠭᠡ ᠬᠦᠷᠢᠶᠡᠨ ᠳᠤ ᠨᠢᠭᠦᠯᠡᠰᠦᠩᠭᠦᠶ ᠶᠢᠨ ᠲᠥᠷᠥᠯ ᠵᠦᠢᠯ ᠪᠠ ᠠᠵᠢᠯᠯᠠᠭ᠎ᠠ ᠶᠢ ᠵᠠᠭᠤ ᠭᠠᠷᠤᠶ | ᠤᠳᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠤᠭᠯᠠᠭᠤᠯᠤᠭᠰᠠᠨ ᠬᠠᠨᠳᠢᠪ ᠤᠨ ᠵᠤᠭᠤᠰ ᠮᠦᠩᠭᠦ ᠪᠠ ᠡᠳ᠋ | ᠪᠣᠳᠠᠰ ᠤᠨ ᠦᠷᠳᠡᠭ ᠨᠢ 19.38 ᠳ᠋ᠦᠩᠰᠢᠭᠤᠷ ᠲᠥᠭᠦᠷᠢᠭ ᠲᠤ ᠬᠦᠷᠴᠤ᠂ 10 ᠲᠦᠮᠡ ᠭᠠᠷᠤᠶ ᠬᠦᠴᠢᠷᠳᠡᠯᠲᠡᠶ | ᠣᠯᠠᠨ ᠲᠦᠮᠡᠨ ᠳᠤ ᠠᠰᠢᠭ ᠬᠦᠷᠲᠡᠭᠡᠪᠡ᠃ | | |