ᠸᠠᠩ ᠯᠢ ᠰᠢᠶᠠ ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠡᠭᠡᠷ᠎ᠡ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2022/8/16
       8 ᠰᠠᠷ᠎ᠠ ᠶᠢᠨ 14 ᠤ ᠡᠳᠦᠷ᠂ ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠱᠠᠨᠰᠢ ᠮᠤᠵᠢ ᠶᠢᠨ ᠰᠢ ᠠᠨ ᠬᠤᠳᠠ ᠳᠤ ᠡᠬᠢᠯᠡᠪᠡ᠃ ᠥᠪᠥᠷ ᠮᠣᠩᠭᠤᠯ ᠪᠣᠯ ᠲᠤᠰ ᠬᠤᠭᠤᠴᠠᠭᠠᠨ ᠤ ᠦᠪᠡᠳᠡᠭᠰᠢ ᠴᠤᠭᠯᠠᠭᠠᠨ ᠤ ᠭᠤᠣᠯ ᠵᠣᠴᠢᠨ ᠮᠤᠵᠢ ᠪᠠᠶᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠡᠭᠡᠷ᠎ᠡ ᠪᠠᠶᠠᠷ ᠤᠨ ᠦᠭᠡ ᠬᠡᠯᠡᠵᠡᠢ᠃        ᠸᠠᠩ ᠯᠢ ᠰᠢᠶᠠ ᠪᠠᠶᠠᠷ ᠤᠨ ᠦᠭᠡ ᠳᠡᠭᠡᠨ ᠵᠣᠴᠢᠳ ᠲᠤ ᠥᠪᠥᠷ ᠮᠣᠩᠭᠤᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠂ ᠲᠡᠷᠡ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠥᠪᠥᠷ ᠮᠣᠩᠭᠤᠯ ᠳᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠨ ᠦᠭᠴᠤ᠂ ᠥᠪᠥᠷ ᠮᠣᠩᠭᠤᠯ ᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ ᠠᠭᠤᠰᠤᠯᠴᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢᠶᠠᠨ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡᠲᠦ ᠲᠠᠪᠴᠠᠩ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ ᠪᠢᠳᠡ ᠡᠯ᠎ᠡ ᠤᠯᠤᠰ ᠡᠯ᠎ᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ︽ᠲᠠᠯ᠎ᠠ ᠨᠤᠲᠤᠭ ᠤᠨ ᠰᠢᠨ᠎ᠡ ᠲᠣᠷᠭᠠᠨ ᠵᠠᠮ︾ ᠢ ᠪᠦᠬᠦ ᠬᠦᠴᠦ ᠪᠠᠷ ᠢᠶᠠᠨ ᠴᠣᠭᠴᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠨ᠎ᠡ ᠭᠡᠵᠤ ᠬᠡᠯᠡᠪᠡ᠃        ᠥᠪᠥᠷ ᠮᠣᠩᠭᠤᠯ ᠶᠠᠭ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠤᠭᠠᠴᠢᠯᠠᠭᠰᠠᠨ ᠠᠵᠤ ᠠᠬᠤᠶ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠨᠠᠢᠮᠠᠨ ᠶᠡᠭᠡ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠪᠥᠬᠦ ᠤᠯᠤᠰ ᠴᠢᠨᠠᠭᠰᠢᠯᠠᠪᠠᠯ ᠣᠯᠠᠨ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠵᠡᠷᠭᠡ ᠡᠯ᠎ᠡ ᠲᠥᠷᠥᠯ ᠤᠨ ᠨᠡᠭᠡᠭᠡᠯᠲᠡ ᠶᠢᠨ ᠲᠠᠪᠴᠠᠩ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠡᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠭ᠎ᠠ ᠪᠤᠯᠬᠤᠷ ᠳᠠᠯᠳᠠ ᠬᠦᠴᠦᠨ ᠲᠦᠢᠯ ᠤᠨ ᠶᠡᠭᠡ᠂ ᠢᠷᠡᠭᠡᠳᠦᠶ ᠬᠡᠬᠡᠨ ᠰᠠᠷᠠᠭᠤᠯ ᠶᠤᠮ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠶᠢᠵᠠ ᠨᠠᠷ ᠤᠨ ᠥᠪᠥᠷ ᠮᠣᠩᠭᠤᠯ ᠳᠤ ᠢᠷᠡᠵᠦ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ ᠬᠠᠮᠲᠤ ᠪᠠᠷ ᠡᠳ᠋ᠯᠡᠵᠦ᠂ ᠭᠤᠶᠢᠳᠠ ᠰᠠᠶᠢᠬᠠᠨ ᠬᠥᠭᠵᠢᠯᠲᠡ ᠶᠢᠨ ᠵᠢᠷᠤᠭ ᠲᠥᠰᠦᠪ ᠢ ᠬᠠᠮᠲᠤ ᠪᠠᠷ ᠵᠢᠷᠤᠭᠯᠠᠵᠤ᠂ ᠦᠵᠡᠰᠬᠦᠯᠡᠩᠳᠤ ᠰᠦᠷᠯᠢᠭ ᠠᠯᠤᠰ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠴᠢᠩ ᠰᠡᠳᠭᠢᠯ ᠠᠴᠠ ᠪᠠᠨ ᠤᠷᠢᠵᠤ ᠪᠠᠶᠢᠨ᠎ᠠ︕ ᠭᠡᠵᠤ ᠬᠡᠯᠡᠪᠡ᠃        ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠸᠠᠩ ᠯᠢ ᠰᠢᠶᠠ ᠪᠠᠰᠠ ᠦᠪᠡᠳᠡᠭᠰᠢ ᠴᠤᠭᠯᠠᠭᠠᠨ ᠤ ᠭᠤᠣᠯ ᠵᠣᠴᠢᠨ ᠤᠯᠤᠰ ᠤᠨ ᠦᠵᠡᠭᠦᠯᠭᠡ ᠶᠢᠨ ᠣᠷᠳᠣᠨ ᠤ ᠨᠡᠭᠡᠭᠡᠯᠲᠡ ᠶᠢᠨ ᠶᠣᠰᠣᠯᠠᠯ ᠪᠠ ᠤᠷᠳᠤᠨ ᠢᠶᠠᠷ ᠨᠢᠭᠡᠳᠦᠯᠲᠡᠢ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠵᠡᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号