ᠡᠶᠢᠮᠦ 5 ᠵᠦᠢᠯ ᠤᠨ ᠵᠢᠷᠤᠭ ᠰᠡᠭᠦᠳᠡᠷ ᠢ ᠶᠠᠭᠠᠬᠢᠭᠰᠠᠨ ᠴᠦ ᠨᠡᠶᠢᠲᠡᠯᠡᠵᠦ ᠪᠣᠯᠬᠤ ᠦᠭᠡᠢ︕
ᠨᠡᠶᠢᠲᠡᠯᠡᠭᠰᠡᠨ ᠴᠠᠭ᠄
2022/8/17
       ᠨᠠᠶᠢᠵᠠ ᠶᠢᠨ ᠲᠣᠭᠤᠷᠢᠭ ᠲᠤ ᠡᠶᠢᠮᠦᠷᠬᠦ 5 ᠵᠦᠢᠯ ᠤᠨ ᠬᠡᠷᠡᠯ ᠵᠢᠷᠤᠭ ᠢ ᠪᠢᠲᠡᠭᠡᠢ ᠨᠡᠶᠢᠲᠡᠯᠡᠭᠡᠷᠡᠢ ᠬᠡᠵᠦ ᠣᠶᠢᠷ᠎ᠠ ᠳᠤ ᠵᠢᠶᠠᠩᠮᠧᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠯᠪᠠᠨ ᠤ ᠰᠦᠯᠵᠢᠶᠠᠨ ᠳᠡᠭᠡᠨ ᠮᠡᠳᠡᠭᠳᠡᠯ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃        ᠡᠨᠡ 5 ᠲᠥᠷᠥᠯ ᠤᠨ ᠬᠡᠷᠡᠯ ᠵᠢᠷᠤᠭ ᠲᠤ᠄        1. ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ᠂ ᠨᠢᠰᠬᠡᠯ ᠳᠤ ᠭᠠᠷᠬᠤ ᠫᠠᠶᠢᠰᠠ᠃ ᠤᠴᠢᠷ ᠨᠢ QR ᠺᠣᠳ᠋ ᠪᠤᠶᠤ ᠵᠢᠷᠤᠭᠠᠰᠤᠨ ᠺᠣᠳ᠋ ᠲᠤ ᠬᠤᠪᠢ ᠬᠥᠮᠥᠨ ᠤ ᠮᠡᠳᠡᠭᠡ ᠵᠠᠩᠭᠢ ᠪᠠᠶᠢᠳᠠᠭ᠃        2. ᠭᠡᠷ ᠤᠨ ᠡᠭᠦᠳᠡᠨ ᠤ ᠲᠦᠯᠬᠢᠭᠦᠷ ᠤᠨ ᠭᠡᠷᠡᠯ ᠵᠢᠷᠤᠭ᠃ ᠪᠦᠲᠦᠴᠡ ᠨᠢ ᠪᠤᠳᠤᠯᠢᠶᠠᠨᠲᠠᠢ ᠪᠢᠰᠢ ᠪᠣᠯ ᠭᠡᠷᠡᠯ ᠵᠢᠷᠤᠭ ᠢ ᠦᠨᠳᠦᠰᠦᠯᠡᠨ ᠲᠦᠯᠬᠢᠭᠦᠷ ᠲᠠᠭᠠᠷᠠᠭᠤᠯᠵᠤ ᠴᠢᠳᠠᠳᠠᠭ ᠶᠤᠮ ᠪᠠᠶᠢᠨ᠎ᠠ᠃        3. ᠦᠪᠡᠷ ᠶᠢᠨ ᠪᠠᠶᠢᠭ᠎ᠠ ᠣᠷᠣᠨ ᠪᠠᠶᠢᠷᠢ᠃ ᠬᠤᠪᠢ ᠬᠥᠮᠥᠨ ᠤ ᠣᠷᠣᠨ ᠰᠠᠭᠤᠴᠠ ᠪᠠᠨ ᠠᠮᠠᠷᠬᠠᠨ ᠮᠡᠳᠡᠭᠳᠡᠨ᠎ᠡ᠃        4. ᠪᠡᠶ᠎ᠡ ᠶᠢᠨ ᠦᠨᠡᠮᠯᠡᠯ᠂ ᠫᠠᠰᠫᠣᠷᠲ᠂ ᠵᠢᠯᠣᠭᠤᠴᠢ ᠶᠢᠨ ᠦᠨᠡᠮᠯᠡᠯ ᠪᠤᠶᠤ ᠲᠡᠷᠭᠡᠨ ᠨᠤᠮᠧᠷ᠃ ᠦᠭᠡᠢ ᠪᠤᠯ ᠬᠤᠪᠢ ᠶᠢᠨ ᠨᠢᠭᠤᠴᠠ ᠪᠠᠨ ᠠᠯᠳᠠᠬᠤ ᠮᠦᠷᠳᠡᠬᠡᠨ ᠪᠠᠰᠠ ᠬᠠᠭᠤᠷᠮᠠᠭ ᠭᠡᠷᠡᠴᠢ ᠦᠨᠡᠮᠯᠡᠯ ᠬᠢᠳᠡᠭ ᠡᠳᠡᠬᠡᠳ ᠲᠤ ᠠᠰᠢᠬᠯᠠᠬᠳᠠᠵᠦ ᠮᠡᠳᠡᠨ᠎ᠡ᠃        5. ᠨᠠᠰᠤᠲᠠᠨ ᠪᠣᠯᠣᠨ ᠬᠡᠦᠬᠡᠳ ᠤᠨ ᠵᠢᠷᠤᠭ᠃ ᠬᠠᠤᠯᠢ ᠪᠤᠰᠤ ᠡᠲᠡᠭᠡᠳ ᠲᠤ ᠳᠠᠨᠢᠬᠳᠠᠬᠤ ᠠᠴᠠ ᠪᠤᠯᠭᠤᠮᠵᠢᠯᠠᠬᠤ ᠬᠡᠷᠡᠭᠳᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号