8 ᠰᠠᠷ᠎ᠠ ᠶᠢᠨ 16 ᠤ ᠡᠳᠦᠷ ᠬᠡᠪᠯᠡᠭᠳᠡᠭᠰᠡᠨ 16 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ︾ ᠭᠡᠬᠦ | ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠰᠢᠰᠲ᠋ᠧᠮᠲᠤ ᠤᠨᠤᠯ ᠤᠨ | ᠰᠢᠰᠲ᠋ᠧᠮ ᠪᠣᠯᠤᠨ᠎ᠠ᠂ ᠬᠥᠭᠵᠢᠯᠲᠡ ᠶᠢᠨ ᠬᠠᠷᠠᠯᠲᠠ᠂ ᠬᠥᠳᠡᠯᠭᠡᠬᠦ ᠬᠦᠴᠦᠨ᠂ ᠠᠷᠭ᠎ᠠ ᠬᠡᠯᠪᠡᠷᠢ᠂ ᠠᠷᠭ᠎ᠠ ᠵᠠᠮ ᠵᠡᠷᠭᠡ ᠠᠯᠢ | ᠤᠯᠠᠨ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠬᠥᠭᠵᠢᠯᠲᠡ ᠶᠢᠨ ᠲᠤᠬᠠᠢ | ᠮᠠᠨ ᠤ ᠨᠠᠮ ᠤᠨ ᠤᠯᠤᠰ ᠲᠦᠷᠦ ᠶᠢᠨ ᠵᠣᠭᠰᠣᠯᠲᠠ᠂ ᠦᠷᠳᠡᠭ ᠤᠨ ᠤᠳᠤᠷᠢᠳᠤᠮᠵᠢ᠂ ᠬᠥᠭᠵᠢᠯᠲᠡ ᠶᠢᠨ ᠵᠠᠭᠪᠤᠷ᠂ | ᠬᠥᠭᠵᠢᠯᠲᠡ ᠶᠢᠨ ᠵᠠᠮ ᠵᠡᠷᠭᠡ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ | ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠯᠠᠪᠳᠠᠭᠤᠨ ᠪᠠᠲᠤᠲᠠᠢ ᠲᠤᠭᠤᠰᠢᠯᠠᠭᠤᠯᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ᠂ ᠲᠥᠪ ᠤᠨ | ᠳᠠᠪᠬᠤᠷᠭ᠎ᠠ ᠴᠤ ᠲᠡᠷᠡ ᠰᠠᠯᠠᠭ᠎ᠠ ᠮᠥᠴᠢᠷ ᠤᠨ ᠳᠠᠪᠬᠤᠷᠭ᠎ᠠ ᠬᠡᠰᠡᠨ ᠦᠬᠡᠢ᠂ ᠮᠤᠵᠢ ᠶᠢᠨ ᠱᠠᠲᠤᠨ ᠤ ᠳᠠᠪᠬᠤᠷᠭ᠎ᠠ ᠴᠤ | ᠲᠡᠷᠡ ᠮᠤᠵᠢ ᠶᠢᠨ ᠱᠠᠲᠤᠨ ᠠᠴᠠ ᠳᠣᠷᠣᠭᠰᠢᠬᠢ ᠡᠯ᠎ᠡ ᠱᠠᠲᠤᠨ ᠤ ᠳᠠᠪᠬᠤᠷᠭ᠎ᠠ ᠬᠡᠰᠡᠨ ᠦᠬᠡᠢ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤᠮᠳᠠ ᠴᠥᠮ ᠪᠦᠷᠢᠨ ᠪᠦᠲᠦᠨ ᠡᠵᠡᠮᠳᠡᠵᠦ᠂ ᠣᠨᠣᠪᠴᠢᠲᠠᠢ ᠣᠶᠢᠯᠠᠭᠠᠵᠤ᠂ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠬᠤ ᠬᠡᠷᠡᠭᠲᠡᠢ᠃ ᠭᠤᠣᠯ ᠵᠥᠷᠢᠴᠡᠯ ᠪᠣᠯᠤᠨ ᠵᠥᠷᠢᠴᠡᠯ ᠤᠨ | ᠭᠤᠣᠯ ᠲᠠᠯ᠎ᠠ ᠶᠢ ᠠᠳᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ | ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠲᠡᠢ᠃ ᠰᠢᠨ᠎ᠡ ᠶᠢ ᠡᠭᠦᠳᠬᠦ ᠬᠥᠭᠵᠢᠯᠲᠡ᠂ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ | ᠨᠡᠭᠡᠭᠡᠯᠲᠡᠲᠦ ᠬᠥᠭᠵᠢᠯᠲᠡ᠂ ᠬᠠᠮᠲᠤ ᠪᠠᠷ ᠡᠳ᠋ᠯᠡᠬᠦ ᠬᠥᠭᠵᠢᠯᠲᠡ ᠶᠢ ᠠᠵᠢᠯ ᠤᠨ ᠳᠤᠮᠳᠠ ᠪᠠᠨ ᠴᠥᠮ ᠠᠩᠬᠠᠷᠴᠤ᠂ | ᠲᠡᠭᠦᠨ ᠢ ᠬᠠᠮᠵᠢᠯᠴᠠᠨ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠨᠳᠦ ᠬᠦᠡᠭᠭᠡᠨ ᠢ ᠨᠢ ᠲᠡᠩᠴᠡᠭᠦᠷᠢ | ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠬᠡᠯ ᠲᠠᠯ᠎ᠠ ᠪᠠᠷ ᠪᠦᠬᠦ ᠲᠠᠯ᠎ᠠ ᠶᠢ ᠣᠷᠣᠯᠠᠭᠤᠯᠵᠤ ᠪᠣᠯᠬᠤ ᠦᠭᠡᠢ ᠭᠡᠵᠦ | ᠵᠢᠭᠠᠵᠤ ᠭᠠᠷᠭᠠᠵᠠᠢ᠃ | ᠵᠣᠬᠢᠶᠠᠯ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠡᠷᠬᠡᠪᠰᠢ | ᠬᠠᠮᠲᠤ ᠪᠠᠷ ᠪᠠᠶᠠᠵᠢᠬᠤ ᠠᠰᠠᠭᠤᠳᠠᠯ ᠢ ᠨᠡᠩ ᠴᠢᠬᠤᠯᠠᠴᠢᠯᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠲᠡᠷᠡ | ᠴᠢᠭ ᠢᠶᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠴᠢᠬᠤᠯᠠ ᠬᠠᠷᠠᠯᠲᠠ ᠮᠥᠨ᠃ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠶᠢ ᠢᠮᠠᠭᠲᠠ ᠬᠥᠭᠵᠢᠯᠲᠡ ᠶᠢᠨ ᠵᠤᠷᠢᠯᠲᠠ | ᠪᠠ ᠲᠤᠰᠤᠯᠲᠠ ᠪᠣᠯᠭᠠᠵᠤ᠂ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠡᠨᠡ ᠠᠰᠠᠭᠤᠳᠠᠯ ᠢ ᠲᠠᠰᠤᠷᠠᠯᠳᠠ ᠦᠭᠡᠢ᠂ | ᠠᠯᠬᠤᠮ ᠠᠯᠬᠤᠮ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠠᠬᠢᠭᠤᠯᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠥᠨ᠂ ᠪᠠᠰᠠ ᠴᠤ ᠨᠢᠭᠡᠨ ᠪᠣᠳᠠᠲᠤ ᠡᠭᠦᠷᠭᠡ ᠮᠥᠨ᠂ | ᠶᠠᠭᠠᠷᠠᠵᠤ ᠪᠣᠯᠬᠤ ᠦᠭᠡᠢ ᠮᠦᠷᠲᠡᠭᠡᠨ ᠬᠦᠯᠢᠶᠡᠵᠦ ᠴᠦ ᠪᠣᠯᠬᠤ ᠦᠭᠡᠢ᠂ ᠡᠷᠬᠡᠪᠰᠢ ᠨᠡᠩ ᠴᠢᠬᠤᠯᠠ ᠪᠠᠶᠢᠷᠢᠨ ᠳᠤ | ᠲᠠᠯᠪᠢᠵᠤ᠂ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ᠬᠠᠷᠠᠯᠲᠠ ᠶᠢ | ᠴᠢᠭᠯᠡᠨ ᠨᠡᠩ ᠢᠳᠡᠪᠬᠢᠲᠡᠢ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠬᠤ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠵᠢᠯᠤᠭᠤᠳᠤᠭᠤᠯᠬᠤ ᠬᠡᠷᠡᠭᠲᠡᠢ ᠮᠥᠷᠲᠡᠭᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠬᠤ ᠳᠤ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡᠨᠲᠡ ᠬᠢᠭᠰᠡᠨ | ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ᠂ ᠲᠡᠩᠴᠡᠭᠦᠷᠢᠲᠡᠶ ᠬᠥᠭᠵᠢᠯᠲᠡ ᠶᠢ | ᠠᠬᠢᠭᠤᠯᠬᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ | ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ | ᠭᠤᠭᠴᠤᠭ᠎ᠠ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ | ᠲᠥᠰᠦᠯ ᠢ ᠨᠠᠩ ᠣᠨᠣᠪᠴᠢᠲᠠᠶ ᠲᠤᠭᠳᠠᠭᠠᠵᠤ᠂ ᠲᠦᠷᠢᠮ ᠤᠨ ᠰᠢᠰᠲ᠋ᠧᠮ ᠢ ᠨᠠᠩ ᠪᠥᠬᠦ ᠲᠠᠯ᠎ᠠ ᠪᠠᠷ ᠲᠡᠭᠦᠯᠳᠡᠷᠵᠢᠭᠦᠯᠬᠦ | ᠬᠡᠷᠡᠭᠲᠡᠶ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠣᠯᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠬᠦ | ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ | ᠴᠣᠭᠴᠠ ᠶᠢᠨ ᠴᠢᠨᠠᠷᠲᠠᠢ ᠠᠬᠢᠭᠤᠯᠤᠯ ᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ | ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ ᠳᠡᠭᠡᠨ ᠴᠢᠳᠠᠮᠠᠭᠠᠢ ᠪᠠᠶᠢᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠪᠤᠯᠬᠤ ᠪᠠᠷ | ᠪᠠᠷᠠᠬᠤ ᠦᠭᠡᠢ ᠪᠠᠰᠠ ᠲᠦᠢᠯ ᠤᠨ ᠴᠢᠬᠤᠯᠠ ᠤᠯᠤᠰ ᠲᠦᠷᠦ ᠶᠢᠨ ᠱᠠᠭᠠᠷᠳᠠᠯᠭ᠎ᠠ ᠮᠦᠨ᠃ ᠥᠭᠡᠷᠡᠴᠢᠯᠡᠯᠲᠡ ᠬᠢᠬᠦ | ᠬᠥᠭᠵᠢᠭᠦᠯᠬᠦ ᠲᠣᠭᠲᠠᠭᠤᠨ ᠪᠠᠶᠢᠯᠭᠠᠬᠤ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ | ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠨᠢ ᠴᠦᠮ ᠤᠯᠤᠰ ᠲᠦᠷᠦ ᠶᠢᠨ | ᠶᠠᠪᠤᠳᠠᠯ ᠪᠠᠶᠢᠵᠤ᠂ ᠤᠯᠤᠰ ᠲᠦᠷᠦ ᠠᠴᠠ ᠰᠠᠯᠵᠤ ᠴᠢᠳᠠᠬᠤ ᠦᠭᠡᠢ ᠶᠤᠮ᠃ ᠨᠠᠮ ᠠᠴᠠ ᠠᠷᠠᠳ ᠲᠦᠮᠡᠨ ᠢ | ᠤᠳᠤᠷᠢᠳᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠬᠠᠮᠤᠭ ᠤᠨ ᠴᠢᠬᠤᠯᠠ ᠨᠢ ᠡᠯ᠎ᠡ ᠵᠦᠢᠯ ᠤᠨ ᠨᠠᠷᠢᠨ | ᠪᠤᠳᠤᠯᠢᠶᠠᠨᠲᠠᠢ ᠤᠯᠤᠰ ᠲᠦᠷᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠪᠠᠶᠢᠳᠠᠯ | ᠪᠤᠳᠤᠯᠢᠶᠠᠨᠲᠠᠢ᠂ ᠡᠭᠦᠷᠭᠡ ᠪᠡᠷᠬᠡ ᠬᠠᠲᠠᠭᠤᠵᠢᠯᠲᠠᠢ ᠪᠣᠯᠬᠤ ᠲᠤᠳᠤᠮ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ | ᠪᠣᠯᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠯᠠᠮ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ | ᠠᠵᠢᠯ ᠤᠨ ᠳᠤᠮᠳᠠ ᠪᠠᠨ ᠤᠯᠠᠮ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ | ᠢᠯᠠᠩᠭᠤᠶ᠎ᠠ ᠳᠡᠭᠡᠳᠦ ᠲᠡᠰ ᠤᠨ ᠺᠠᠳ᠋ᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠰᠡᠳᠭᠢᠯ ᠳᠡᠭᠡᠨ ᠪᠤᠳᠤᠵᠦ᠂ ᠨᠠᠮ ᠤᠨ ᠲᠥᠪ ᠬᠤᠷᠢᠶᠠᠨ ᠤ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ | ᠶᠡᠭᠡ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠴᠢᠬᠤᠯᠠ ᠶᠡᠭᠡ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ | ᠠᠵᠢᠯ ᠢ ᠠᠬᠢᠭᠤᠯᠬᠤ ᠦᠢᠯᠡᠳᠦᠯᠭᠡ ᠳᠤᠮᠳᠠ ᠢᠯᠡᠷᠡᠭᠦᠯᠵᠦ᠂ ᠦᠷᠭᠦᠯᠵᠢ ᠬᠠᠷᠭᠤᠭᠤᠯᠤᠨ ᠪᠠᠷᠢᠮᠵᠢᠶᠠᠯᠠᠵᠤ᠂ ᠬᠡᠯᠪᠠᠶᠢᠭᠦᠦ | ᠵᠦᠢᠯ ᠢᠶᠠᠨ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |