ᠪᠥᠬᠡᠪᠠᠶᠠᠷ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠠᠲᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/22
       8 ᠰᠠᠷ᠎ᠠ ᠶᠢᠨ 19 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠠᠲᠤ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠲᠤ ᠳᠠᠬᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠪᠠ᠃ ᠬᠤᠰᠢᠭᠤᠨ ᠤ ᠤᠳᠤᠷᠢᠳᠤᠯᠭ᠎ᠠ ᠯᠢ ᠭᠤᠸᠠᠩ᠂ ᠲᠢᠶᠠᠨ ᠹᠧᠩ ᠯᠢᠨ᠂ ᠪᠠᠢ ᠴᠦᠨ ᠮᠧᠶ᠂ ᠳ᠋ᠦ᠋ ᠴᠧᠩ ᠬᠤᠷᠠᠯ ᠳᠤ ᠣᠷᠣᠯᠴᠠᠪᠠ᠃        ᠬᠤᠷᠠᠯ ᠠᠴᠠ ᠪᠦᠭᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
       ᠪᠥᠬᠡᠪᠠᠶᠠᠷ ᠵᠢᠭᠠᠬᠤ ᠳᠠᠭᠠᠨ᠂ ᠥᠨᠥ ᠵᠢᠯ ᠠᠴᠠ ᠨᠠᠰᠢ᠂ ᠪᠦᠬᠦ ᠬᠤᠰᠢᠭᠤᠨ ᠤ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠥᠯᠥᠨ ᠪᠤᠶᠢᠷ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠴᠢᠷᠮᠠᠶᠢᠨ ᠠᠬᠢᠭᠤᠯᠵᠤ᠂ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠠᠲᠤ ᠠᠯᠪᠠᠨ ᠭᠡᠷ ᠤᠨ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯ᠂ ︽ᠳᠠᠷᠤᠭᠳᠠᠮᠠᠯ ᠬᠡᠷᠡᠭ ᠢ ᠠᠷᠢᠯᠭᠠᠬᠤ᠂ ᠴᠢᠬᠤᠯᠠ ᠰᠣᠷᠪᠤᠯᠵᠢᠯᠠᠭ᠎ᠠ ᠶᠢ ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠪᠠᠬᠢᠯᠡᠯᠲᠡ ᠰᠢᠪᠲᠤᠯᠬᠤ ᠠᠵᠢᠯᠯᠠᠭ᠎ᠠ ᠵᠡᠷᠭᠡ ᠲᠠᠯ᠎ᠠ ᠪᠠᠷ ᠨᠡᠶᠢᠭᠡᠮ ᠤᠨ ᠰᠠᠶᠢᠨ ᠦᠷ᠎ᠡ ᠪᠦᠲᠦᠮᠵᠢ ᠣᠯᠪᠠ᠃ ᠭᠡᠪᠡᠴᠦ ᠪᠦᠭᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠮᠥᠨ ᠯᠡ ᠮᠠᠰᠢ ᠤᠯᠠᠨ ᠪᠠᠴᠢᠮ ᠰᠢᠢᠳᠪᠦᠷᠢᠯᠡᠬᠦ ᠴᠢᠬᠤᠯᠠᠲᠠᠢ ᠭᠤᠣᠯᠳᠠᠯᠭ᠎ᠠ ᠲᠠᠢ᠂ ᠬᠦᠴᠢᠷᠲᠡᠢ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠭᠡᠵᠡᠢ᠃        ᠪᠥᠬᠡᠪᠠᠶᠠᠷ ᠱᠠᠭᠠᠷᠳᠠᠬᠤ ᠳᠠᠭᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠬᠤᠷᠢᠭ᠎ᠠ ᠱᠤᠭᠤᠮ ᠤᠨ ᠤᠬᠠᠮᠰᠠᠷ᠂ ᠤᠯᠠᠭᠠᠨ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠳᠠᠬᠢᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠶᠢ ᠰᠡᠷᠭᠡᠶᠢᠯᠡᠨ᠂ ᠭᠤᠣᠯᠳᠠᠯᠭ᠎ᠠ ᠲᠠᠢ ᠬᠥᠮᠥᠰ ᠢ ᠲᠣᠭᠲᠠᠭᠤᠨ ᠢᠶᠠᠷ ᠡᠵᠡᠮᠳᠡᠵᠦ᠂ ᠶᠡᠭᠡ ᠬᠡᠪᠴᠢᠶ᠎ᠡ ᠪᠠᠷ ᠪᠡᠭᠡᠵᠢᠩ ᠳᠤ ᠬᠦᠷᠴᠦ ᠳᠡᠭᠡᠭᠰᠢ ᠰᠤᠷᠪᠤᠯᠵᠢᠯᠠᠬᠤ ᠦᠭᠡᠢ᠂ ᠲᠤᠶᠢᠯ ᠤᠨ ᠬᠦᠨᠳᠦ ᠨᠣᠴᠢᠲᠠᠢ ᠬᠡᠷᠡᠭ ᠡᠭᠦᠰᠬᠦ ᠦᠭᠡᠢ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠣᠬᠢᠰ ᠦᠭᠡᠢ ᠰᠢᠢᠳᠪᠦᠷᠢᠯᠡᠭᠰᠡᠨ ᠠᠴᠠ ᠪᠣᠯᠵᠤ ᠶᠡᠭᠡ ᠬᠡᠪᠴᠢᠶᠡᠨ ᠤ ᠬᠠᠮᠲᠤᠷᠠᠯ ᠤᠨ ᠴᠢᠨᠠᠷᠲᠠᠢ ᠬᠡᠷᠡᠭ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃        ᠪᠥᠬᠡᠪᠠᠶᠠᠷ ᠪᠠᠰᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢᠶᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠣᠨᠴᠠᠯᠢᠭ ᠪᠣᠯᠣᠨ ᠵᠢᠮ᠎ᠡ ᠶᠣᠰᠣ ᠶᠢ ᠭᠦᠨᠵᠡᠭᠡᠢ ᠰᠤᠳᠤᠯᠤᠨ ᠡᠵᠡᠮᠳᠡᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠡᠷᠡᠭ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠤᠳᠤᠷᠢᠳᠤᠯᠭ᠎ᠠ ᠰᠣᠷᠪᠤᠯᠵᠢᠯᠠᠭ᠎ᠠ ᠶᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ︽ᠡᠭᠦᠳᠡᠨ ᠳᠤ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ︾ ᠢ ᠦᠨᠡᠨᠬᠦ ᠨᠠᠷᠢᠨ ᠪᠣᠳᠠᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠂ ᠳᠡᠭᠡᠳᠦ ᠬᠡᠮᠵᠢᠶᠡᠨ ᠤ ᠲᠣᠭᠲᠠᠭᠤᠨ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号