ᠡᠳᠡᠭᠡᠷ ᠰᠤᠷᠤᠭᠴᠢᠳ ᠤᠨ ᠬᠠᠮᠢᠶᠠᠲᠠᠢ ᠵᠠᠷᠤᠳᠠᠯ ᠢ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2022/8/22
     2022 ᠣᠨ ᠤ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠡᠩ ᠤᠨ ᠥᠨᠳᠥᠷ ᠳᠤᠮᠳᠠᠳᠤ ᠶᠢᠨ ᠰᠣᠷᠣᠭᠴᠢ ᠶᠢᠨ ᠰᠤᠷᠤᠯᠭ᠎ᠠ ᠶᠢᠨ ᠰᠤᠯᠠ ᠰᠦᠢᠳᠭᠡᠯ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠪᠠ ᠬᠢᠴᠢᠶᠡᠯ ᠤᠨ ᠪᠢᠴᠢᠭ ᠤᠨ ᠵᠠᠷᠣᠳᠠᠯ ᠢ ᠬᠡᠯᠲᠦᠷᠢᠭᠦᠯᠬᠦ ᠪᠠᠷ ᠪᠣᠯᠪᠠ᠃      ᠡᠩ ᠤᠨ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠥᠪᠥᠷ ᠮᠣᠩᠭᠤᠯ ᠤᠨ ᠬᠢᠨ ᠰᠤᠷᠭᠠᠭᠤᠯᠢ ᠶᠢᠨ ᠬᠠᠷᠢᠶ᠎ᠠ ᠪᠠᠨ ᠠᠯᠪᠠᠨ ᠶᠣᠰᠣ ᠪᠠᠷ ᠳᠠᠩᠰᠠᠯᠠᠭᠤᠯᠤᠭᠰᠠᠨ ᠡᠩ ᠤᠨ ᠥᠨᠳᠥᠷ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠠᠴᠠ ᠰᠤᠷᠤᠯᠭ᠎ᠠ ᠶᠢᠨ ᠰᠤᠯᠠ ᠰᠦᠢᠳᠬᠡᠯ ᠬᠤᠷᠢᠶᠠᠬᠤ ᠥᠬᠡᠶ ᠪᠥᠭᠡᠳ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠨ᠎ᠠ ᠭᠡᠵᠤ ᠲᠣᠭᠲᠠᠪᠠ᠃ ᠰᠤᠷᠤᠯᠭ᠎ᠠ ᠶᠢᠨ ᠰᠤᠯᠠ ᠰᠦᠢᠳᠭᠡᠯ ᠢ ᠬᠡᠯᠲᠦᠷᠢᠭᠦᠯᠬᠦ ᠪᠠᠷᠢᠮᠵᠢᠶ᠎ᠠ ᠨᠢ ᠰᠣᠷᠣᠭᠴᠢ ᠨᠢᠭᠡᠪᠦᠷᠢ ᠵᠢᠯ ᠪᠦᠷᠢ 2000 ᠲᠥᠭᠦᠷᠢᠭ᠂ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠬᠤ ᠪᠠᠷᠢᠮᠵᠢᠶ᠎ᠠ ᠨᠢ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠣᠷᠣᠭᠴᠢ ᠨᠢᠭᠡᠪᠦᠷᠢ ᠵᠢᠯ ᠳᠤ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠨᠢᠭᠡᠪᠦᠷᠢ ᠵᠢᠯ ᠳᠤ 100 ᠲᠥᠭᠦᠷᠢᠭ ᠢᠶᠠᠷ ᠲᠤᠭᠳᠠᠵᠠᠢ᠃      ᠥᠪᠥᠷ ᠮᠣᠩᠭᠤᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠯᠬᠤ ᠠᠯᠪᠠᠨ ᠶᠤᠰᠤᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠩᠰᠠ ᠬᠠᠷᠢᠶ᠎ᠠ ᠲᠠᠢ ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠥᠬᠡᠶ ᠪᠥᠭᠡᠳ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠵᠤ᠂ ᠰᠤᠷᠤᠯᠭ᠎ᠠ ᠶᠢᠨ ᠰᠦᠢᠳᠬᠡᠯ ᠢ ᠭᠡᠯᠳᠦᠷᠢᠭᠦᠯᠬᠦ ᠪᠠᠷᠢᠮᠵᠢᠶ᠎ᠠ ᠨᠢ ᠰᠣᠷᠣᠭᠴᠢ ᠨᠢᠭᠡᠪᠦᠷᠢ ᠵᠢᠯ ᠳᠤ 2000 ᠲᠥᠭᠦᠷᠢᠭ᠂ ᠲᠦᠯᠦᠪᠤᠷᠢ ᠥᠬᠡᠶ ᠪᠠᠷ ᠬᠢᠴᠢᠶᠡᠯ ᠤᠨ ᠪᠢᠴᠢᠭ ᠢ ᠬᠠᠩᠭᠠᠬᠤ ᠪᠠᠷᠢᠮᠵᠢᠶ᠎ᠠ ᠨᠢ ᠨᠢᠭᠡᠳᠦᠭᠡᠷ᠂ ᠬᠤᠶᠠᠳᠤᠭᠠᠷ ᠣᠨ ᠳᠤ ᠰᠣᠷᠣᠭᠴᠢ ᠨᠢᠭᠡᠪᠦᠷᠢ ᠵᠢᠯ ᠳᠤ 550 ᠲᠥᠭᠦᠷᠢᠭ᠂ ᠭᠤᠷᠪᠠᠳᠤᠭᠠᠷ ᠣᠨ ᠳᠤ ᠰᠣᠷᠣᠭᠴᠢ ᠨᠢᠭᠡᠪᠦᠷᠢ ᠵᠢᠯ ᠳᠤ 100 ᠲᠥᠭᠦᠷᠢᠭ ᠢᠶᠠᠷ ᠲᠤᠭᠳᠠᠵᠠᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号