8 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ | ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ | ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠦᠬᠦ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠸᠧᠢ ᠳ᠋ᠦᠩ ᠶᠡᠭᠡ | ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠸᠠᠩ ᡁᠢ ᠴᠢᠶᠠᠩ᠂ ᠬᠦᠦᠳᠠᠭᠤᠯᠠ᠂ | ᠳ᠋ᠤᠸᠠᠨ ᡁᠢ ᠴᠢᠶᠠᠩ᠂ ᠮᠠ ᠰᠢᠤᠸᠠᠢ ᠵᠢᠶᠦ᠋ᠨ᠂ ᠠᠨ ᠷᠦᠨ ᠱᠧᠩ ᠶᠡᠭᠡ ᠬᠤᠷᠠᠯ ᠳᠤ ᠣᠷᠣᠯᠴᠠᠪᠠ᠃ | ᠶᠠᠩ ᠸᠧᠢ ᠳ᠋ᠦᠩ ᠶᠠᠷᠢᠶᠠᠨ ᠳᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠭᠰᠠᠨ ᠲᠠᠪᠤᠨ ᠵᠢᠯ ᠪᠣᠯᠤᠨ᠎ᠠ᠂ ᠪᠠᠰᠠ ᠴᠤ ᠪᠦᠬᠦ ᠣᠷᠣᠨ ᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠮᠡᠬᠡᠶᠢᠯᠡᠨ ᠤᠷᠤᠭᠰᠢᠯᠠᠵᠤ᠂ ᠥᠷᠨᠢᠨ ᠬᠥᠭᠵᠢᠭᠰᠡᠨ ᠲᠠᠪᠤᠨ ᠵᠢᠯ | ᠪᠣᠯᠤᠨ᠎ᠠ᠃ ᠲᠠᠪᠤᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ᠤᠯᠤᠰ ᠲᠥᠷᠥ ᠪᠠᠷ ᠬᠤᠯᠪᠤᠭ᠎ᠠ ᠪᠠᠶᠢᠭᠤᠯᠬᠤ᠂ ᠪᠦᠯᠬᠦᠮᠳᠡᠨ ᠬᠤᠯᠪᠤᠭ᠎ᠠ ᠪᠠᠶᠢᠭᠤᠯᠬᠤ᠂ | ᠦᠢᠯᠡᠴᠢᠯᠡᠭᠡ ᠪᠠᠷ ᠬᠤᠯᠪᠤᠭ᠎ᠠ ᠪᠠᠨ ᠮᠠᠨᠳᠤᠭᠤᠯᠬᠤ᠂ ᠥᠭᠡᠷᠡᠴᠢᠯᠡᠯᠲᠡ ᠪᠠᠷ ᠬᠤᠯᠪᠤᠭ᠎ᠠ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠪᠥᠬᠦ ᠣᠷᠣᠨ ᠤ ᠡᠯ᠎ᠡ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠢ | ᠪᠦᠯᠬᠦᠮᠳᠡᠭᠦᠯᠦᠨ ᠳᠠᠭᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ | ᠪᠠᠳᠠᠷᠠᠭᠤᠯᠵᠤ᠂ ᠢᠳᠡᠪᠬᠢᠲᠡᠶ ᠬᠤᠪᠢ ᠨᠡᠮᠡᠷᠢ ᠦᠵᠡᠭᠦᠯᠵᠡᠢ ᠭᠡᠵᠥ ᠵᠢᠭᠠᠵᠥ ᠭᠠᠷᠭᠠᠪᠠ᠃ ᠲᠡᠷᠡ ᠪᠦᠬᠦ ᠣᠷᠣᠨ ᠤ ᠡᠯ᠎ᠡ | ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ | ᠨᠠᠮ ᠤᠨ ᠵᠣᠷᠢᠭ ᠰᠠᠨᠠᠭ᠎ᠠ ᠪᠣᠯᠤᠨ ᠵᠣᠷᠢᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ︔ ᠨᠠᠷᠢᠯᠢᠭ | ᠣᠨᠣᠴᠠᠲᠠᠶ ᠥᠨᠳᠥᠷ ᠪᠦᠲᠦᠮᠵᠢᠲᠡᠶ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠬᠠᠤ ᠶᠢ ᠠᠬᠢᠭᠤᠯᠬᠤ ᠬᠡᠷᠡᠭᠲᠡᠶ︔ ᠪᠦᠯᠬᠦᠮᠳᠡᠨ | ᠬᠤᠯᠪᠣᠭᠠᠯᠠᠬᠤ ᠶᠢ ᠲᠤᠪᠤᠶᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠷᠢᠶᠡᠨ ᠳᠤ ᠬᠦᠮᠦᠨ ᠤ | ᠰᠡᠳᠭᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠲᠦᠪᠯᠡᠷᠡᠭᠦᠯᠬᠦ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠰᠢᠨ᠎ᠡ ᠴᠠᠭ ᠦᠶ᠎ᠡ ᠠᠴᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠳᠤ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠭᠡᠬᠦ ᠬᠡᠷᠡᠭᠲᠡᠢ ᠭᠡᠵᠦ ᠱᠠᠭᠠᠷᠳᠠᠪᠠ᠃ | ᠠᠨ ᠷᠦᠨ ᠱᠧᠩ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠭᠡᠬᠦ ᠵᠥᠪᠯᠡᠯ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠪᠡ᠃ ᠲᠡᠷᠡ᠂ ᠬᠤᠶᠢᠰᠢᠳᠠ ᠶᠢᠨ ᠲᠠᠪᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠢᠯᠠᠩᠭᠤᠶ᠎ᠠ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠲᠤᠬᠠᠶ ᠰᠢᠷᠢᠰ ᠴᠢᠬᠤᠯᠠ | ᠶᠠᠷᠢᠶ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ | ᠡᠭᠦᠷᠭᠡ ᠴᠢᠳᠠᠪᠬᠢ ᠪᠠᠨ ᠭᠦᠢᠴᠡᠳᠬᠡᠵᠦ᠂ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ᠂ ︽ᠡᠵᠢ ᠮᠠᠶ᠋ᠢᠭ︾ | ᠤᠨ ᠬᠠᠷᠠᠮ ᠥᠬᠡᠶ ᠦᠢᠯᠡᠴᠢᠯᠡᠭᠡ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ | ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠵᠤ᠂ | ᠡᠷᠴᠢ ᠵᠣᠷᠢᠭ ᠢᠶᠠᠨ ᠬᠥᠪᠴᠢᠯᠡᠨ᠂ ᠵᠠᠮ ᠨᠡᠭᠡᠭᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠥᠲᠥᠭᠡᠨ ᠪᠠᠶᠢᠭᠤᠯᠵᠤ᠂ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠬᠥᠭᠵᠢᠯᠲᠡ ᠶᠢᠨ ᠳᠤᠮᠳᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠨ᠎ᠡ ᠡᠭᠦᠷᠭᠡᠯᠡᠯ ᠢ ᠢᠯᠡᠷᠡᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠭᠠᠶᠢᠬᠠᠭᠤᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠬᠤ | ᠬᠡᠷᠡᠭᠳᠡᠢ ᠬᠡᠵᠥ ᠴᠢᠬᠤᠯᠠᠴᠢᠯᠠᠪᠠ᠃ | | |