ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 16 ᠤ | ᠡᠳᠦᠷ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠰᠢᠨ᠎ᠡ ᠲᠢᠲᠢᠮᠯᠢᠭ | ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠭᠦᠯᠦᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ 2022 ᠣᠨ ᠤ | ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠮᠡᠳᠡᠭᠳᠡᠯ ᠳᠤ | ᠲᠤᠯᠤᠭᠠᠨ ᠵᠦᠢᠯ ᠢ ᠪᠠᠶᠢᠷᠢᠯᠠᠭᠤᠯᠪᠠ᠂ ᠪᠣᠳᠠᠲᠠᠶ ᠠᠭᠤᠯᠭ᠎ᠠ ᠶᠢ ᠬᠠᠮᠲᠤ ᠳᠤ ᠪᠠᠨ ᠣᠶᠢᠯᠠᠭᠠᠵᠠᠭᠠᠶ᠎ᠠ︕ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ | ᠲᠤᠭᠤᠰᠢᠯᠠᠭᠤᠯᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ | ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠢᠵᠢᠭ ᠤᠨ ᠪᠠᠶᠢᠳᠠᠯ ᠢ ᠴᠡᠪᠡᠷ | ᠠᠷᠢᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠪᠠᠶᠢᠩᠭᠤ ᠶᠢᠨ᠂ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠵᠣᠬᠢᠴᠠᠭᠤᠯᠵᠤ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠨ ᠲᠤᠬᠢᠷᠠᠭᠤᠯᠤᠨ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ᠂ ᠬᠥᠮᠦᠡᠯᠢᠭ ᠪᠡᠶᠡᠯᠡᠭᠦᠯᠵᠦ᠂ ᠬᠢᠵᠢᠭ ᠤᠨ | ᠪᠠᠶᠢᠳᠠᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠪᠣᠯᠤᠨ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠬᠤᠶᠠᠷ ᠲᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠵᠢᠯ ᠢ | ᠠᠮᠤᠷ ᠲᠦᠪᠰᠢᠨ ᠡᠮᠬᠢ ᠵᠢᠷᠤᠮᠲᠠᠢ ᠪᠠᠷ ᠠᠬᠢᠭᠤᠯᠤᠨ᠎ᠠ᠃ ᠬᠠᠷᠢᠶ᠎ᠠ ᠣᠷᠣᠨ ᠳᠤ ᠨᠢ ᠬᠠᠮᠢᠶᠠᠷᠤᠭᠤᠯᠬᠤ᠂ ᠣᠷᠣᠨ | ᠪᠦᠰᠡ ᠪᠠᠷ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ︽ᠨᠢᠭᠡ ᠭᠠᠵᠠᠷ ᠨᠢᠭᠡ ᠲᠥᠰᠦᠯ︾᠂ | ︽ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠪᠠᠷ ᠰᠤᠷᠭᠠᠭᠤᠯᠢ ᠡᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠷᠪᠠ ᠳᠤ᠂ ᠪᠠᠭᠰᠢ ᠰᠣᠷᠣᠭᠴᠢ ᠠᠵᠢᠯᠲᠠᠨ ᠠᠵᠢᠯᠴᠢᠨ ᠤ ᠰᠤᠷᠭᠠᠭᠤᠯᠢ ᠳᠤ ᠪᠠᠨ ᠪᠤᠴᠠᠬᠤ ᠶᠢ ᠨᠠᠷᠢᠨ | ᠨᠢᠮᠪᠠᠶ ᠪᠠᠶᠢᠷᠢᠯᠠᠭᠤᠯᠤᠨ᠎ᠠ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠣᠰᠤ ᠪᠠᠷ ᠪᠠᠭᠰᠢ ᠰᠣᠷᠣᠭᠴᠢ ᠠᠵᠢᠯᠲᠠᠨ ᠠᠵᠢᠯᠴᠢᠨ ᠤ ᠰᠤᠷᠭᠠᠭᠤᠯᠢ ᠳᠤ ᠪᠠᠨ | ᠪᠤᠴᠠᠬᠤ ᠨᠥᠬᠦᠴᠡᠯ ᠢ ᠲᠣᠳᠣᠷᠬᠠᠶᠢᠯᠠᠵᠤ᠂ ᠰᠤᠷᠭᠠᠭᠤᠯᠢ ᠳᠤ ᠪᠠᠨ ᠪᠤᠴᠠᠬᠤ ᠠᠵᠢᠯ ᠤᠨ ᠲᠥᠰᠦᠯ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠲᠣᠭᠤᠷᠢᠭ ᠬᠤᠪᠢᠶᠠᠨ ᠲᠠᠰ ᠬᠤᠪᠢᠶᠠᠵᠤ᠂ ᠣᠷᠭᠢᠯ ᠤᠨ | ᠬᠤᠭᠤᠴᠠᠭ᠎ᠠ ᠶᠢ ᠵᠥᠷᠢᠭᠦᠯᠦᠨ ᠰᠤᠷᠭᠠᠭᠤᠯᠢ ᠳᠤ ᠪᠤᠴᠠᠬᠤ ᠪᠦᠯᠦᠭ ᠤᠳᠠᠭ᠎ᠠ ᠪᠠ ᠪᠣᠳᠠᠲᠠᠶ ᠴᠠᠭ ᠢ ᠲᠣᠭᠲᠠᠭᠠᠬᠤ | ᠬᠡᠷᠡᠭᠲᠡᠶ᠃ | ᠲᠦᠷᠪᠡ ᠳᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ᠂ | ᠨᠠᠷᠢᠯᠢᠭ ᠣᠨᠣᠴᠠᠲᠠᠢ ᠰᠠᠶᠢᠲᠤᠷ ᠠᠳᠬᠤᠨ᠎ᠠ᠃ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠪᠣᠯᠤᠨ ᠡᠷᠡᠭᠦᠯ ᠮᠡᠨᠳᠦ ᠶᠢᠨ | ᠬᠠᠮᠢᠶᠠᠷᠤᠯᠲᠠ᠂ ᠣᠯᠠᠨ ᠨᠡᠶᠢᠲᠡ ᠶᠢᠨ ᠪᠠᠶᠢᠷᠢ ᠲᠠᠯᠠᠪᠤᠷ ᠢ ᠴᠡᠪᠡᠷᠯᠡᠨ ᠠᠷᠢᠭᠤᠳᠬᠠᠬᠤ ᠪᠠ ᠰᠠᠯᠬᠢ ᠨᠡᠪᠲᠡᠷᠡᠭᠦᠯᠦᠨ | ᠠᠭᠠᠷ ᠰᠣᠯᠢᠬᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠣᠯᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ | ᠴᠢᠳᠠᠪᠤᠷᠢ ᠶᠢ ᠨᠥᠭᠡᠴᠡᠯᠡᠬᠦ ᠵᠡᠷᠭᠡ ᠶᠢ ᠴᠢᠩᠭᠠᠳᠬᠠᠬᠤ ᠬᠡᠷᠡᠭᠲᠡᠶ᠃ | ᠲᠠᠪᠤ ᠳᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠡᠮᠬᠢ ᠳᠢᠭᠯᠢᠮ ᠢ ᠪᠥᠬᠦ | ᠬᠦᠴᠦᠨ ᠢᠶᠠᠷ ᠢᠶᠠᠨ ᠪᠠᠲᠤᠯᠠᠨ᠎ᠠ᠃ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤᠤᠷ᠎ᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠲᠣᠬᠢᠷᠠᠭᠤᠯᠤᠯᠲᠠ ᠪᠠ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ | ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠦᠢᠯᠡᠴᠢᠯᠡᠭᠡ ᠶᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠪᠠᠭᠰᠢ | ᠰᠤᠷᠤᠭᠴᠢᠳ ᠤᠨ ᠵᠦᠶ ᠵᠣᠬᠢᠰᠲᠠᠶ ᠬᠡᠷᠡᠭᠴᠡᠭᠡ ᠶᠢ ᠭᠦᠢᠴᠡᠳ ᠪᠠᠲᠤᠯᠠᠵᠤ᠂ ᠠᠮᠤᠷ ᠲᠦᠪᠰᠢᠨ ᠲᠠᠭᠠᠯᠠᠮᠵᠢᠲᠠᠶ | ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ᠃ | ᠵᠢᠷᠭᠤᠭ᠎ᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠦᠵᠢᠯ ᠢ ᠢᠳᠡᠪᠬᠢᠲᠡᠶ ᠪᠥᠭᠡᠳ ᠪᠦᠲᠦᠮᠵᠢᠲᠡᠶ | ᠥᠷᠨᠢᠭᠦᠯᠦᠨ᠎ᠡ᠃ ︽ᠭᠡᠷ ᠪᠦᠯᠢ ᠰᠤᠷᠭᠠᠭᠤᠯᠢ ᠬᠤᠷᠰᠢᠶᠠᠯᠠᠬᠤ︾ ᠬᠠᠮ ᠬᠦᠴᠦᠨ ᠢ ᠨᠢᠭᠲᠠᠷᠠᠭᠤᠯᠵᠤ᠂ ᠰᠢᠨ᠎ᠡ ᠲᠢᠲᠢᠮᠯᠢᠭ | ᠠᠭᠤᠰᠬᠢᠨ ᠤ ᠦᠷᠪᠢᠰᠦᠯ ᠪᠣᠯᠤᠨ ᠨᠠᠮᠤᠷ ᠡᠪᠦᠯ ᠤᠨ ᠤᠯᠠᠷᠢᠯ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠬᠤ ᠬᠡᠷᠡᠭᠲᠡᠢ᠃ ᠪᠠᠭᠰᠢ ᠰᠣᠷᠣᠭᠴᠢ ᠠᠵᠢᠯᠲᠠᠨ | ᠠᠵᠢᠯᠴᠢᠨ ᠢ ᠬᠥᠮᠦᠵᠢᠭᠦᠯᠦᠨ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ | ᠢᠳᠡᠪᠬᠢᠲᠡᠶ ᠬᠠᠮᠵᠢᠯᠴᠠᠭᠤᠯᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠵᠤ᠂ ᠥᠪᠡᠷ | ᠪᠡᠶ᠎ᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠤᠪᠢ ᠬᠥᠮᠦᠨ ᠤ ᠰᠡᠷᠭᠡᠶᠢᠯᠡᠯᠲᠡ | ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ | ᠳᠣᠯᠤᠭ᠎ᠠ ᠳᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢ ᠦᠨᠡᠨ | ᠬᠦ ᠳᠡᠭᠡᠭᠰᠢᠯᠡᠭᠦᠯᠦᠨ᠎ᠡ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ︵ᠤᠳᠤᠷᠢᠳᠬᠤ ᠳᠤᠭᠤᠶᠢᠯᠠᠩ᠂ ᠵᠢᠯᠣᠭᠤᠳᠬᠤ ᠭᠠᠵᠠᠷ︶ ᠶᠢᠨ ᠨᠢᠭᠡᠳᠦᠯᠲᠡᠶ ᠲᠥᠯᠥᠪᠵᠢᠭᠦᠯᠭᠡ | ᠳᠤᠤᠷ᠎ᠠ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠰᠤᠷᠭᠠᠭᠤᠯᠢ ᠶᠢᠨ | ᠬᠦᠷᠢᠶᠡᠨ ᠤ ᠭᠡᠨᠡᠳᠲᠡ ᠶᠢᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠯᠠᠨ ᠦᠵᠡᠭᠳᠡᠯ᠂ ᠪᠣᠳᠠᠲᠠᠶ ᠠᠵᠢᠯᠯᠠᠭᠠᠨ ᠤ | ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠬᠤᠪᠢᠷᠠᠭᠤᠯᠵᠤ ᠥᠨᠳᠥᠷ ᠪᠦᠲᠦᠮᠵᠢᠲᠡᠶ | ᠰᠠᠭᠠᠳ ᠥᠬᠡᠶ ᠨᠡᠪᠲᠡᠷᠡᠬᠦ᠂ ᠲᠦᠷᠭᠡᠨ ᠪᠥᠭᠡᠳ ᠬᠦᠴᠦᠲᠡᠶ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ᠃ | | |