ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠸᠠ ᠸᠧᠶ ᠪᠦᠯᠦᠭᠯᠡᠯ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2022/8/8
       8 ᠰᠠᠷ᠎ᠠ ᠶᠢᠨ 4 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠸᠠ ᠸᠧᠢ ᠡᠭᠦᠯᠡᠨ ᠪᠤᠳᠤᠯᠳᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠡᠭᠦᠯᠡᠨ ᠪᠤᠳᠤᠯᠳᠠ ᠶᠢᠨ ᠲᠥᠪ ᠤᠨ ᠬᠠᠮᠲᠤᠷᠠᠯᠴᠠᠭᠠᠨ ᠤ ᠪᠦᠳᠦᠬᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠬᠤᠸᠠ ᠸᠧᠶ ᠺᠣᠮᠫᠠᠨᠢ ᠶᠢᠨ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠤᠢ ᡁᠢ ᠵᠢᠶᠦ᠋ᠨ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ᠃
       ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠪᠣᠯᠤᠨ ᠬᠤᠸᠠ ᠸᠧᠢ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠭᠴᠢ ᠵᠠᠩ ᠫᠢᠩ ᠠᠨ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠪᠦᠳᠦᠬᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠡᠭᠦᠯᠡᠨ ᠳ᠋ᠠᠶᠢᠲ᠋ᠠ ᠶᠢᠨ ᠲᠥᠪ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠲᠤᠭᠠᠴᠢᠯᠠᠬᠰᠠᠨ ᠦᠢᠯᠡᠴᠢᠯᠡᠭᠡ ᠶᠢᠨ ᠮᠡᠷᠬᠡᠵᠢᠯ ᠢ ᠡᠵᠡᠮᠳᠡᠵᠥ ᠡᠭᠦᠯᠡᠨ ᠲᠠᠪᠴᠠᠩ ᠳᠤ ᠭᠠᠷᠭᠠᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠭᠦᠯᠡᠨ ᠲᠠᠪᠴᠠᠩ ᠳᠤ ᠭᠠᠷᠭᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢ ᠴᠣᠭᠴᠠ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠲᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠎ᠠ᠃        ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠸᠠᠩ ᠯᠢ ᠰᠢᠶᠠ ᠰᠢᠤᠢ ᡁᠢ ᠵᠢᠶᠦ᠋ᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠭᠡᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠡᠨ ᠪᠣᠳᠠᠲᠠᠢ ᠠᠬᠢᠴᠠ ᠲᠠᠢ ᠪᠣᠯᠭᠠᠨ᠎ᠠ ᠭᠡᠵᠦ ᠰᠠᠨᠠᠯ ᠨᠢᠭᠡᠲᠡᠢ ᠢᠯᠡᠳᠭᠡᠪᠡ᠃        ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠡᠷ᠎ᠡ ᠲᠣᠭᠲᠠᠬᠤ ᠶᠣᠰᠣᠯᠠᠯ ᠪᠠ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号