ᠮᠠᠨ ᠤ ᠬᠤᠰᠢᠭᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/8
       8 ᠰᠠᠷ᠎ᠠ ᠶᠢᠨ 5 ᠤ ᠡᠳᠦᠷ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠬᠤᠷᠠᠯᠳᠤᠭᠤᠯᠪᠠ᠃        ᠬᠤᠷᠠᠯ ᠳᠤ᠂ ︽2022 ᠣᠨ ᠠᠴᠠ ᠨᠠᠰᠢᠬᠢ ᠬᠠᠷᠢᠶ᠎ᠠ ᠣᠷᠣᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ︾ ᠢ ᠵᠠᠷᠯᠠᠨ ᠨᠡᠶᠢᠲᠡᠯᠡᠵᠦ᠂ ︽ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︿ᠳᠠᠯᠳᠠ ᠭᠡᠮ ᠢ ᠠᠷᠢᠯᠭᠠᠨ᠂ ᠠᠮᠤᠷ ᠲᠦᠪᠰᠢᠨ ᠢ ᠬᠠᠮᠠᠭᠠᠯᠠᠵᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ﹀ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠶᠢᠨ ᠲᠦᠰᠦᠯ︾ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠭᠰᠠᠨ ᠬᠠᠷᠢᠭᠤᠴᠠᠯᠭᠠᠲᠠᠳ ᠲᠤᠬᠠᠶᠢᠯᠠᠭᠰᠠᠨ ᠠᠵᠢᠯ ᠤᠨ ᠪᠠᠶᠢᠳᠠᠯ  ᠲᠠᠢ ᠪᠠᠨ ᠤᠶᠠᠯᠳᠤᠭᠤᠯᠤᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
       ᠦᠷᠭᠡᠨ ᠴᠢᠬᠤᠯᠠᠴᠢᠯᠠᠬᠤ ᠳᠠᠭᠠᠨ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠬᠤ ᠪᠣᠯ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠪᠠᠶᠢᠳᠠᠯ ᠢ ᠡᠷᠬᠡᠪᠰᠢ ᠲᠣᠳᠣᠷᠬᠠᠢ ᠲᠠᠨᠢᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠤᠯᠭ᠎ᠠ ᠶᠢ ᠪᠦᠬᠦ ᠲᠠᠯ᠎ᠠ  ᠪᠠᠷ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠵᠠᠰᠠᠯᠲᠠ ᠶᠢᠨ ᠲᠣᠭᠲᠠᠴᠠ ᠶᠢ ᠪᠦᠷᠢᠯᠳᠦᠭᠦᠯᠦᠨ᠂ ᠡᠯ᠎ᠡ ᠱᠠᠲᠤ ᠳᠠᠪᠬᠤᠷᠭ᠎ᠠ ᠶᠢᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ ᠵᠠᠰᠠᠬᠤ ᠶᠢ ᠴᠢᠩᠭ᠎ᠠ ᠠᠳᠬᠤᠨ᠂ ᠠᠳᠡᠯ ᠢ ᠤᠷᠢᠳᠴᠢᠯᠠᠨ ᠰᠡᠷᠭᠡᠶᠢᠯᠡᠬᠦ ᠰᠠᠭᠤᠷᠢ ᠶᠢ ᠪᠠᠬᠢᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠠ ᠢᠯᠡᠴᠢᠯᠡᠬᠦ ᠡᠷᠴᠢᠮ ᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠨᠠᠮ ᠤᠨ ︽ᠬᠤᠷᠢᠳᠤᠭᠠᠷ ᠶᠡᠭᠡ ᠬᠤᠷᠠᠯ︾ ᠤᠨ ᠠᠮᠵᠢᠯᠲᠠᠲᠠᠢ ᠬᠤᠷᠠᠯᠳᠤᠬᠤ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号