ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠠᠯᠠᠢ ᠰᠣᠮᠣᠨ ᠳᠤ ᠭᠦᠨᠵᠡᠭᠡᠶᠢᠷᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/9/1
       ᠣᠶᠢᠷ᠎ᠠ ᠳᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠴᠢᠤᠸᠠᠨ ᠵᠡᠷᠭᠡ ᠤᠳᠤᠷᠢᠳᠤᠯᠭ᠎ᠠ ᠳᠠᠯᠠᠢ ᠰᠣᠮᠣᠨ ᠳᠤ ᠭᠦᠨᠵᠡᠭᠡᠶᠢᠷᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠵᠢᠯᠣᠭᠤᠳᠪᠠ᠃
       ᠸᠠᠩ ᠴᠢᠤᠸᠠᠨ ᠵᠡᠷᠭᠡ ᠤᠳᠤᠷᠢᠳᠤᠯᠭ᠎ᠠ ᠳᠠᠯᠠᠢ ᠰᠣᠮᠣ ᠶᠢᠨ ᠠᠷᠠᠳ ᠤᠨ ᠲᠦᠯᠦᠭᠡᠯᠡᠭᠴᠢᠳ ᠤᠨ ᠭᠡᠷ ᠲᠤ ᠬᠦᠷᠴᠦ᠂ ᠠᠷᠠᠳ ᠤᠨ ᠲᠦᠯᠦᠭᠡᠯᠡᠭᠴᠢᠳ ᠤᠨ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠦᠵᠡᠬᠦ ᠵᠡᠷᠭᠡ ᠬᠡᠯᠪᠡᠷᠢ ᠪᠠᠷ ᠠᠷᠠᠳ ᠤᠨ ᠲᠦᠯᠦᠭᠡᠯᠡᠭᠴᠢᠳ ᠤᠨ ᠭᠡᠷ ᠤᠨ ᠠᠵᠢᠯ ᠢ ᠶᠠᠪᠤᠭᠳᠠᠭᠤᠯᠵᠤ ᠪᠠᠶᠢᠭ᠎ᠠ ᠪᠠᠶᠢᠳᠠᠯ ᠪᠠ ᠠᠰᠢᠭᠯᠠᠵᠤ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠪᠠ᠃
       ᠸᠠᠩ ᠴᠢᠤᠸᠠᠨ ᠴᠢᠩᠭᠠᠳᠬᠠᠬᠤ ᠳᠠᠭᠠᠨ᠂ ᠠᠷᠠᠳ ᠤᠨ ᠲᠦᠯᠦᠭᠡᠯᠡᠭᠴᠢᠳ ᠤᠨ ᠭᠡᠷ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠰ ᠳᠡᠪᠰᠢᠭᠦᠯᠬᠦ ᠠᠵᠢᠯ ᠢ ᠰᠠᠶᠢᠲᠤᠷ ᠠᠳᠬᠤᠨ᠂ ︽ᠲᠦᠯᠦᠭᠡᠯᠡᠭᠴᠢᠳ ᠤᠨ ᠭᠡᠷ︾ ᠤᠨ ᠲᠠᠪᠴᠠᠩ ᠢ ᠪᠠᠶᠢᠩᠭᠤ ᠬᠡᠷᠡᠭᠯᠡᠵᠦ᠂ ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ︽ᠭᠤᠣᠯ ᠰᠠᠭᠤᠷᠢᠨ ᠭᠠᠵᠠᠷ︾ ᠢ ᠴᠢᠷᠮᠠᠶᠢᠨ ᠡᠭᠦᠳᠴᠦ᠂ ᠠᠷᠠᠳ ᠤᠨ ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠨᠡᠩ ᠰᠠᠶᠢᠲᠤᠷ ᠭᠦᠢᠴᠡᠳᠬᠡᠵᠦ᠂ ᠣᠯᠠᠨ ᠲᠦᠮᠡᠨ ᠳᠤ ᠦᠢᠯᠡᠴᠢᠯᠡᠬᠦ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠦᠨ᠂ ᠬᠠᠷᠢᠯᠴᠠᠨ ᠰᠤᠷᠤᠯᠴᠠᠵᠤ᠂ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠰᠦᠪᠡᠭᠴᠢᠯᠡᠨ᠂ ᠰᠢᠨ᠎ᠡ ᠴᠠᠭ ᠦᠶ᠎ᠡ ᠶᠢᠨ ᠠᠷᠠᠳ ᠤᠨ ᠲᠦᠯᠦᠭᠡᠯᠡᠭᠴᠢᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠲᠦᠯᠦᠭᠡᠯᠡᠭᠴᠢ ᠶᠢ ᠨᠦᠬᠦᠨ ᠰᠤᠩᠭᠤᠬᠤ ᠠᠵᠢᠯ ᠢ ᠳᠦᠷᠢᠮᠵᠢᠭᠦᠨ ᠰᠠᠶᠢᠲᠤᠷ ᠬᠢᠵᠦ᠂ ᠬᠠᠮᠢᠶ᠎ᠠ ᠪᠦᠬᠦᠢ ᠠᠵᠢᠯ ᠢ ᠬᠠᠥᠯᠢ ᠲᠣᠭᠲᠠᠭᠠᠯ ᠶᠣᠰᠣᠭᠠᠷ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号