ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠭᠤᠣ ᠷᠦᠨ ᠰᠢ ᠱᠦᠵᠢ ᠶᠢᠨ ᠪᠠᠶᠢᠴᠠᠭᠠᠨ ᠰᠣᠳᠣᠯᠣᠯᠲᠠ ᠵᠢᠴᠢ ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/9/1
    ᠣᠶᠢᠷ᠎ᠠ ᠶᠢᠨ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠺᠠᠳ᠋ᠷᠴᠤᠳ ᠤᠨ ᠬᠤᠷᠠᠯ ᠬᠤᠷᠠᠯᠳᠤᠭᠤᠯᠵᠤ᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠶᠢᠨ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃
    ᠰᠤᠷᠤᠯᠴᠠᠭ᠎ᠠ ᠳᠤ ᠣᠷᠣᠯᠴᠠᠭᠰᠠᠨ ᠠᠵᠢᠯᠲᠠᠳ᠂ ᠭᠤᠤ ᠷᠦᠨ ᠰᠢ ᠱᠦᠵᠢ ᠶᠢᠨ ᠶᠠᠷᠢᠶᠠᠨ ᠤ ᠵᠣᠭᠰᠣᠴᠠ ᠦᠨᠳᠦᠷ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠣᠨᠴᠠᠭᠠᠶᠢᠯᠠᠨ ᠰᠢᠨ᠎ᠡ ᠪᠠᠷ ᠪᠠᠶᠢᠭᠤᠯᠵᠤ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠰᠠᠷ ᠢ ᠪᠠᠶᠢᠴᠠᠭᠠᠨ ᠰᠣᠳᠣᠯᠬᠤ ᠦᠶ᠎ᠡ ᠳᠤ ᠴᠢᠩᠭᠠᠳᠬᠠᠭᠰᠠᠨ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ ᠭᠡᠵᠦ ᠶᠠᠷᠢᠪᠠ᠃
    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠴᠢᠩᠭ᠎ᠠ ᠠᠳᠬᠤᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠨᠢᠭᠡ ᠰᠦᠯᠵᠢᠶ᠎ᠡ ᠪᠠᠷ ᠨᠡᠪᠲᠡᠷᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠠᠮᠢᠶᠠᠷᠤᠯᠲᠠ ᠵᠡᠷᠭᠡ ᠭᠤᠣᠯ ᠡᠭᠦᠷᠭᠡ ᠳᠤ ᠬᠦᠴᠦᠨ ᠢᠶᠠᠨ ᠲᠦᠪᠯᠡᠷᠡᠭᠦᠯᠦᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠭᠵᠢᠯᠲᠡ ᠶᠢ ᠲᠦᠷᠭᠡᠳᠬᠡᠨ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠬᠦᠯᠵᠢᠯᠡᠨ ᠭᠦᠨᠵᠡᠭᠡᠶᠢᠷᠡᠭᠦᠯᠬᠦ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号