ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 11 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/14
       ᠣᠳᠣᠬᠠᠨ ᠳᠤ ᠤᠯᠤᠰ ᠤᠨ ᠳᠣᠲᠣᠭᠠᠳᠤ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠣᠯᠠᠨ ᠴᠡᠭ ᠲᠤ ᠲᠠᠷᠬᠠᠵᠤ᠂ ᠣᠯᠠᠨ ᠭᠠᠵᠠᠷ ᠲᠤ ᠲᠥᠪᠯᠡᠷᠡᠬᠦ ᠪᠠᠶᠢᠳᠠᠯ ᠢᠯᠡᠷᠡᠵᠦ ᠪᠠᠶᠢᠬᠤ ᠪᠥᠭᠡᠳ ᠤᠯᠤᠰ ᠤᠨ ᠪᠠᠶᠠᠷ ᠤᠨ ᠠᠮᠠᠷᠠᠯᠲᠠ ᠣᠶᠢᠷᠠᠳᠴᠤ᠂ ᠬᠥᠮᠥᠰ ᠤᠨ ᠰᠢᠯᠵᠢᠬᠦ ᠪᠠᠶᠢᠳᠠᠯ ᠣᠯᠠᠰᠢᠷᠠᠵᠤ᠂ ᠬᠢᠵᠢᠭ ᠬᠠᠯᠳᠠᠪᠤᠷᠢᠯᠠᠬᠤ ᠲᠦᠭᠰᠢᠭᠦᠷᠢ ᠨᠡᠮᠡᠭᠳᠡᠵᠦ ᠪᠠᠶᠢᠨ᠎ᠠ᠃ ᠤᠯᠤᠰ ᠤᠨ ᠪᠠᠶᠠᠷ ᠤᠨ ᠡᠮᠦᠨ᠎ᠡ ᠬᠤᠶᠢᠨᠠᠬᠢ ᠣᠷᠣᠨ ᠨᠤᠲᠤᠭ ᠤᠨ ᠬᠡᠪᠴᠢᠶᠡᠨ ᠤ ᠴᠢᠨᠠᠷᠲᠠᠢ ᠬᠢᠵᠢᠭ ᠤᠨ ᠪᠠᠶᠢᠳᠠᠯ ᠥᠯᠦ ᠡᠭᠦᠰᠬᠦ ᠶᠢ ᠪᠠᠲᠤᠯᠠᠬᠤ ᠶᠢᠨ ᠲᠦᠯᠦᠭᠡ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽2022 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠡᠮᠦᠨ᠎ᠡ ᠬᠤᠶᠢᠨᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵43 ᠳ᠋ᠤᠭᠠᠷ ᠲᠣᠭᠠᠲᠤ︶︾ ᠤᠨ ᠵᠣᠷᠢᠭ ᠰᠠᠨᠠᠭ᠎ᠠ ᠶᠣᠰᠣᠭᠠᠷ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠪᠦᠲᠦᠮᠵᠢᠲᠡᠶ ᠠᠷᠭᠠᠴᠠᠵᠤ᠂ ᠮᠠᠨ ᠤ ᠬᠤᠰᠢᠭᠤᠨ ᠤ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠬᠢᠨ ᠬᠠᠮᠠᠭᠠᠯᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠣ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠨ᠎ᠠ᠃ ᠣᠯᠠᠨ ᠬᠥᠮᠥᠨ ᠶᠡᠭᠡ ᠬᠡᠪᠴᠢᠶ᠎ᠡ ᠪᠠᠷ ᠰᠢᠯᠵᠢᠭᠰᠡᠨ ᠠᠴᠠ ᠪᠣᠯᠤᠭᠰᠠᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠠᠴᠠ ᠵᠠᠶᠢᠯᠠᠰᠬᠢᠬᠦ ᠶᠢᠨ ᠲᠥᠯᠥᠭᠡ᠂ ᠥᠷᠭᠡᠨ ᠣᠯᠠᠨ ᠺᠠᠳ᠋ᠷ ᠣᠯᠠᠨ ᠲᠦᠮᠡᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠲᠣᠰ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠵᠦ᠂ ᠴᠢᠬᠤᠯᠠ ᠦᠭᠡᠢ ᠪᠣᠯ ᠣᠷᠣᠨ ᠬᠤᠲᠠ ᠠᠯᠤᠰᠯᠠᠨ ᠭᠠᠳᠠᠭᠰᠢ ᠶᠠᠪᠤᠬᠤ ᠦᠭᠡᠢ ᠪᠠᠶᠢᠬᠤ ᠶᠢ ᠰᠠᠨᠠᠭᠠᠴᠢᠯᠠᠨ᠎ᠠ᠂ ᠣᠨᠴᠠᠭᠠᠶᠢᠯᠠᠨ ᠰᠣᠷᠣᠭᠴᠢ ᠲᠠᠢ ᠭᠡᠷ ᠪᠦᠯᠢ ᠠᠮᠠᠷᠠᠯᠲᠠ ᠳᠠᠭᠤᠰᠤᠭᠰᠠᠨ ᠤ ᠳᠠᠷᠠᠭ᠎ᠠ ᠰᠣᠷᠣᠭᠴᠢ ᠪᠠᠨ ᠲᠣᠭᠲᠠᠭᠰᠠᠨ ᠬᠤᠭᠤᠴᠠᠭᠠᠨ ᠳᠤ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠶᠢᠨ ᠲᠥᠯᠥᠭᠡ᠂ ᠭᠡᠷ ᠪᠦᠯᠢ ᠶᠢᠨ ᠪᠦᠷᠢᠯᠳᠦᠭᠦᠨ ᠢᠶᠠᠨ ᠪᠠᠶᠠᠷ ᠤᠨ ᠡᠳᠦᠷ ᠤᠨ ᠬᠤᠭᠤᠴᠠᠭᠠᠨ ᠳᠤ ᠠᠯᠢ ᠴᠢᠳᠠᠬᠤ ᠪᠠᠷ ᠬᠥᠯᠥᠨ ᠪᠤᠶᠢᠷ ᠬᠤᠲᠠ ᠶᠢᠨ ᠬᠡᠪᠴᠢᠶᠡᠨ ᠠᠴᠠ ᠭᠠᠳᠠᠨᠠᠬᠢ ᠪᠤᠰᠤᠳ ᠭᠠᠵᠠᠷ ᠣᠷᠣᠨ ᠳᠤ ᠣᠴᠢᠭᠤᠯᠬᠤ ᠦᠭᠡᠢ ᠪᠠᠶᠢᠬᠤ ᠶᠢ ᠰᠠᠨᠠᠭᠠᠴᠢᠯᠠᠨ᠎ᠠ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠪᠠᠶᠢᠭ᠎ᠠ ᠨᠢᠭᠡᠴᠡ᠂ ᠰᠤᠷᠭᠠᠭᠤᠯᠢ ᠳᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠤᠷᠢᠳᠴᠢᠯᠠᠨ ᠣᠶᠢᠯᠠᠭᠠᠵᠤ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠳᠠᠭᠠᠵᠤ᠂ ᠴᠠᠭ ᠬᠤᠭᠤᠴᠠᠭ᠎ᠠ ᠵᠥᠷᠢᠭᠦᠯᠦᠨ ᠭᠠᠳᠠᠭᠰᠢ ᠭᠠᠷᠴᠤ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃        ᠬᠤᠶᠠᠷ᠂ ᠪᠠᠶᠢᠴᠠᠭᠠᠨ ᠰᠢᠯᠭᠠᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ᠃ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵43 ᠳ᠋ᠤᠭᠠᠷ ᠲᠣᠭᠠᠲᠤ︶︾ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠬᠦ ︵ᠪᠤᠴᠠᠬᠤ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠠᠪᠴᠤ᠂ ᠬᠥᠯᠥᠨ ᠪᠤᠶᠢᠷ ᠬᠤᠲᠠ ᠶᠢᠨ ᠬᠢᠯᠢ ᠳᠤ ᠠᠩᠬ᠎ᠠ ᠣᠷᠣᠭᠰᠠᠨ ᠭᠠᠵᠠᠷ ᠲᠤ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠭᠰᠡᠨ ᠦᠭᠡᠢ ᠪᠠᠶᠢᠪᠠᠯ᠂ ᠮᠠᠨ ᠤ ᠬᠤᠰᠢᠭᠤᠨ ᠳᠤ ᠬᠦᠷᠦᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠬᠤ ᠥᠷᠲᠡᠭᠡ ᠳᠤ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠬᠦ ᠳᠤ ᠢᠳᠡᠪᠬᠢᠲᠡᠢ ᠬᠠᠮᠵᠢᠯᠴᠠᠬᠤ ᠶᠢᠨ ᠬᠠᠮᠲᠤ᠂ ᠮᠠᠨ ᠤ ᠬᠤᠰᠢᠭᠤᠨ ᠳᠤ ᠢᠷᠡᠬᠦ ︵ᠪᠤᠴᠠᠬᠤ︶ ᠬᠥᠮᠥᠰ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ︽3 ᠡᠳᠦᠷ ᠲᠤ 2 ᠤᠳᠠᠭ᠎ᠠ ᠶᠢᠨ ᠪᠠᠶᠢᠴᠠᠭᠠᠯᠲᠠ︾ ᠬᠢᠯᠭᠡᠬᠦ ᠬᠡᠷᠡᠭᠲᠡᠢ᠃        ᠭᠤᠷᠪᠠ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠶᠢ ᠪᠠᠶᠢᠴᠠᠭᠠᠬᠤ ᠬᠡᠷᠡᠭᠲᠡᠢ᠃ ᠵᠣᠴᠢᠳ ᠤᠨ ᠪᠠᠭᠤᠳᠠᠯ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠥᠨ ᠣᠯᠠᠨ ᠴᠤᠭᠯᠠᠷᠠᠬᠤ ᠲᠠᠯᠠᠪᠤᠷ ᠲᠤ ᠣᠷᠣᠬᠤ ᠳᠤ ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ︔ ᠬᠥᠯᠥᠨ ᠪᠤᠶᠢᠷ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠠᠷᠢᠯᠭ᠎ᠠ  ᠶᠢᠨ ᠭᠠᠵᠠᠷ ᠤᠨ ᠠᠵᠢᠯᠲᠠᠳ 48 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠢ᠃        ᠳᠥᠷᠪᠡ᠂ ᠴᠢᠬᠤᠯᠠ ᠦᠭᠡᠢ ᠪᠣᠯ ᠴᠤᠭᠯᠠᠷᠠᠬᠤ ᠦᠭᠡᠢ ᠪᠠᠶᠢᠬᠤ ᠬᠡᠷᠡᠭᠲᠡᠢ᠃ ᠴᠢᠬᠤᠯᠠ ᠦᠭᠡᠢ ᠪᠣᠯ ᠪᠥᠬᠦ ᠬᠤᠰᠢᠭᠤᠨ ᠤ ᠬᠡᠪᠴᠢᠶᠡᠨ ᠳᠤ ᠪᠣᠯᠪᠠᠰᠤᠷᠠᠯ᠂ ᠴᠤᠭᠯᠠᠭᠠᠨ ᠦᠵᠡᠰᠬᠦᠯᠡᠩ᠂ ᠤᠷᠠᠨ ᠰᠠᠶᠢᠬᠠᠨ ᠤ ᠲᠣᠭᠯᠠᠯᠲᠠ ᠵᠡᠷᠭᠡ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠭᠢᠯᠡᠬᠦ ᠦᠭᠡᠢ᠃ ᠦᠨᠡᠨᠬᠦ ᠡᠷᠭᠢᠯᠡᠬᠦ ᠴᠢᠬᠤᠯᠠ ᠲᠠᠢ ᠪᠣᠯ᠂ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠴᠢᠩᠭ᠎ᠠ ᠮᠡᠳᠡᠭᠦᠯᠦᠨ ᠵᠥᠪᠰᠢᠶᠡᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯᠯᠠᠭ᠎ᠠ ᠳᠤ ᠣᠷᠣᠯᠴᠠᠭᠰᠠᠳ ᠺᠣᠳ᠋ ᠰᠢᠷᠪᠢᠵᠦ ᠳᠡᠩᠰᠡᠯᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠢ᠃ ᠤᠯᠠᠨ ᠲᠦᠮᠡᠨ ︽ᠬᠤᠷᠢᠮ ᠪᠡᠯᠪᠡᠰᠦᠷᠡᠯ ᠢ ᠳᠥᠭᠦᠮᠴᠢᠯᠡᠵᠦ᠂ ᠳᠠᠶᠢᠯᠠᠯᠭ᠎ᠠ ᠬᠢᠬᠦ ᠦᠭᠡᠢ ᠪᠠᠶᠢᠬᠤ︾ ᠶᠢ ᠡᠷᠬᠢᠮᠯᠡᠵᠦ᠂ ᠡᠷᠬᠢᠯᠡᠬᠦ ᠴᠢᠬᠤᠯᠠ ᠲᠠᠢ ᠪᠣᠯ ᠬᠥᠮᠥᠨ ᠤ ᠲᠤᠭ᠎ᠠ ᠶᠢ ᠠᠯᠢ ᠴᠢᠳᠠᠬᠤ ᠪᠠᠷ ᠴᠦᠬᠡᠳᠬᠡᠬᠦ ᠶᠢ ᠰᠠᠨᠠᠭᠠᠴᠢᠯᠠᠵᠤ ᠪᠠᠶᠢᠨ᠎ᠠ᠃        ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠪᠥᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠢ︶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ᠂ ᠦᠰᠦ ᠵᠠᠰᠠᠬᠤ ᠤᠬᠢᠶᠠᠯᠭ᠎ᠠ᠂ ᠲᠦᠷᠭᠡᠨ ᠬᠦᠷᠭᠡᠯᠲᠡ ᠶᠢᠨ ᠵᠠᠬᠢᠶᠠᠯᠠᠭ᠎ᠠ ᠶᠢᠨ ᠬᠤᠭᠤᠯᠠ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠤᠨ ᠠᠵᠢᠯᠲᠠᠨ ᠵᠢᠴᠢ ᠲᠡᠷᠭᠡᠨ ᠥᠷᠲᠡᠭᠡ᠂ ᠵᠠᠮ ᠲᠡᠭᠡᠭᠡᠪᠦᠷᠢ ᠶᠢᠨ ᠦᠢᠯᠡᠴᠢᠯᠡᠭᠡ᠂ ᠵᠠᠰᠠᠵᠤ ᠴᠢᠮᠡᠭᠯᠡᠬᠦ ᠠᠴᠢᠶᠠᠯᠠᠵᠤ ᠪᠠᠭᠤᠯᠭᠠᠬᠤ ᠦᠢᠯᠡᠴᠢᠯᠡᠭᠡ᠂ ᠪᠢᠲᠡᠭᠦᠮᠵᠢᠯᠡᠭᠰᠡᠨ ᠲᠠᠯᠠᠪᠤᠷ ᠭᠠᠵᠠᠷ ᠪᠠ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ᠂ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠠᠵᠢᠯᠲᠠᠨ ᠭᠠᠷᠠᠭ ᠪᠦᠷᠢ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠥᠬᠦ ᠪᠠᠭᠰᠢ ᠠᠵᠢᠯᠲᠠᠨ ᠠᠵᠢᠯᠴᠢᠨ ᠪᠠ ᠰᠤᠷᠤᠭᠴᠢᠳ ᠲᠤ ᠡᠳᠦᠷ ᠪᠦᠷᠢ 20% ᠶᠢᠨ ᠰᠤᠭᠤᠴᠢᠨ ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠨᠢᠭᠡ ᠭᠠᠷᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠭᠠᠵᠠᠷ ᠲᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ ᠭᠠᠵᠠᠷ ᠤᠨ ᠺᠣᠳ᠋ ᠰᠢᠷᠪᠢᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠨᠢᠭᠡ ᠮᠧᠲᠷ ᠤᠨ ᠱᠤᠭᠤᠮ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠢ ᠵᠠᠷᠯᠠᠨ ᠰᠢᠭᠦᠮᠵᠢᠯᠡᠬᠦ ᠤ ᠬᠠᠮᠲᠤ ᠬᠠᠮᠢᠶ᠎ᠠ ᠪᠦᠬᠦᠢ ᠰᠢᠢᠳᠬᠡᠯ ᠥᠭᠭᠦᠨ᠎ᠡ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          2022 ᠣᠨ ᠤ 9 ᠰᠠᠷ᠎ᠠ ᠶᠢᠨ 13 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号