ᠠᠩᠭ᠍ᠯᠢ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠶᠢᠨ ᠠᠯᠬᠤᠬᠴᠢᠳ ᠤᠨ ᠨᠡᠶᠢᠭᠡᠮᠯᠢᠩ ᠪᠠ | ᠮᠠᠶᠢᠺᠮᠢᠯᠦ᠋ᠨ ᠦᠮᠠᠨ ᠤ ᠲᠤᠰᠠᠯᠠᠮᠵᠢ ᠶᠢᠨ ᠲᠦᠪ ᠤᠨ ᠬᠠᠮᠤᠭ ᠤᠨ ᠰᠢᠨ᠎ᠡ ᠰᠣᠳᠣᠯᠭᠠᠨ ᠳᠤ ᠣᠯᠵᠣ ᠮᠡᠳᠡᠭᠰᠡᠨ ᠢᠶᠠᠷ᠂ | ᠡᠳᠦᠷ ᠪᠦᠷᠢ 1.6 ᠺᠢᠯᠦᠮᠧᠳ᠋ᠷ ᠵᠠᠮ ᠢ 20 ᠮᠢᠨᠦ᠋ᠲ ᠲᠤ ᠶᠠᠪᠤᠵᠤ ᠪᠠᠷᠠᠬᠤ ᠶᠢ ᠪᠠᠷᠢᠮᠳᠠᠯᠠᠪᠠᠯ ᠬᠦᠬᠦᠨ | ᠪᠤᠯᠴᠢᠷᠬᠠᠢ ᠶᠢᠨ ᠦᠮᠠᠨ᠂ ᠣᠷᠢᠳᠤ ᠪᠤᠯᠴᠢᠷᠬᠠᠢ ᠶᠢᠨ ᠦᠮᠠᠨ᠂ ᠭᠡᠳᠡᠰᠤᠨ ᠤ ᠦᠮᠠᠨ ᠤ ᠵᠠᠰᠠᠯᠭ᠎ᠠ ᠳᠤ ᠢᠯᠡᠳᠳᠡ | ᠲᠤᠰᠠᠳᠠᠢ ᠪᠠᠶᠢᠳᠠᠭ᠂ ᠬᠠᠮᠤᠭ ᠤᠨ ᠦᠨᠳᠦᠷ ᠲᠡᠭᠡᠨ 50 % ᠢᠶᠠᠷ ᠠᠳᠡᠭᠦ ᠨᠤᠷᠮ᠎ᠠ ᠶᠢ ᠲᠤᠷᠤᠭᠰᠢᠯᠠᠭᠤᠯᠤᠨ᠎ᠠ᠃ | ᠡᠬᠦᠨ ᠪᠠᠷ ᠪᠠᠷᠠᠬᠤ ᠦᠭᠡᠢ᠂ ᠠᠯᠬᠤᠬᠤ ᠨᠢ ᠦᠯᠦ ᠬᠠᠯᠳᠠᠭᠠᠬᠤ ᠴᠢᠳᠠᠯ ᠢ ᠨᠡᠮᠡᠭᠳᠡᠭᠦᠯᠳᠡᠭ ᠢᠶᠠᠷ ᠪᠠᠷᠠᠬᠤ ᠦᠭᠡᠢ᠂ | ᠲᠤᠳᠤᠭᠠᠳᠤ ᠱᠦᠭᠦᠷᠡᠯᠳᠡ ᠶᠢ ᠰᠠᠶᠢᠵᠢᠷᠠᠭᠤᠯᠤᠨ᠂ ᠬᠤᠷᠮᠤᠨ ᠤ ᠲᠦᠪᠰᠢᠨ ᠢ ᠵᠤᠬᠢᠴᠠᠭᠤᠯᠬᠤ᠂ ᠦᠮᠠᠨ ᠢ | ᠰᠡᠷᠭᠡᠶᠢᠯᠡᠬᠦ᠂ ᠦᠮᠠᠨ ᠢ ᠡᠰᠡᠷᠭᠦᠴᠡᠬᠦ ᠲᠠᠯ᠎ᠠ ᠪᠠᠷ ᠲᠤᠪᠤᠶᠢᠮ᠎ᠠ ᠦᠢᠯᠡᠳᠦᠯ ᠲᠠᠢ ᠪᠠᠶᠢᠳᠠᠭ᠃ | ᠬᠦᠬᠦᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠹᠠᠷᠠᠨᠼᠢ ᠶᠢᠨ ᠨᠢᠭᠡᠨ 400 ᠲᠦᠮᠡᠨ | ᠡᠮᠡᠭᠲᠠᠶᠢᠴᠤᠤᠯ ᠳᠤ ᠬᠤᠯᠪᠤᠭᠳᠠᠬᠤ ᠰᠣᠳᠣᠯᠭᠠᠨ ᠳᠤ ᠢᠯᠡᠷᠬᠡᠶᠢᠯᠭᠰᠡᠨ ᠢᠶᠠᠷ᠂ ᠶᠠᠮᠠᠷᠪᠠ ᠨᠠᠰᠤᠨ ᠤ ᠡᠮᠡᠭᠲᠠᠢ ᠡᠳᠦᠷ | ᠪᠦᠷᠢ 1 ᠴᠠᠭ ᠲᠦᠷᠭᠡᠨ ᠠᠯᠬᠤᠬᠤ ᠶᠢ ᠪᠠᠷᠢᠮᠳᠠᠯᠠᠪᠠᠯ ᠬᠦᠬᠦᠨ ᠪᠤᠯᠴᠢᠷᠬᠠᠢ ᠶᠢᠨ ᠦᠮᠠᠨ ᠳᠤ ᠨᠡᠷᠪᠡᠭᠳᠡᠬᠦ ᠨᠤᠷᠮ᠎ᠠ ᠶᠢ | 12 % ᠢᠶᠠᠷ ᠲᠤᠷᠤᠰᠢᠯᠠᠭᠤᠯᠳᠠᠭ᠃ ᠭᠡᠳᠡᠰᠤᠨ ᠤ ᠦᠮᠠᠨ ᠢ ᠰᠡᠷᠭᠡᠶᠢᠯᠡᠨ᠎ᠡ᠃ ᠬᠠᠹᠦ᠋ ᠶᠡᠭᠡ ᠰᠣᠷᠭᠠᠭᠤᠯᠢ ᠶᠢᠨ 7 | ᠲᠦᠮᠡᠨ ᠬᠦᠮᠦᠨ ᠳᠤ ᠴᠢᠭᠯᠡᠭᠦᠯᠦᠭᠰᠡᠨ ᠤᠷᠳᠤ ᠬᠤᠭᠤᠴᠠᠭᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠳᠦᠷ | ᠪᠦᠷᠢ 1 ᠴᠠᠭ ᠠᠯᠬᠤᠬᠤ ᠶᠢ ᠪᠠᠷᠢᠮᠳᠠᠯᠠᠪᠠᠯ᠂ ᠰᠢᠯᠤᠭᠤᠨ ᠭᠡᠳᠡᠰᠤᠨ ᠤ ᠦᠮᠠᠨ ᠳᠤ ᠨᠡᠷᠪᠡᠭᠳᠡᠬᠦ ᠨᠤᠷᠮ᠎ᠠ ᠶᠢ | ᠬᠠᠭᠠᠰ ᠪᠠᠷ ᠪᠠᠭᠤᠷᠠᠭᠤᠯᠳᠠᠭ᠃ | ᠨᠦᠢᠷ ᠤᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠠᠮᠧᠷᠢᠺᠠ ᠶᠢᠨ ︽ᠤᠩᠰᠢᠭᠴᠢᠳ ᠤᠨ ᠱᠦᠭᠦᠮᠡᠭ︾ | ᠰᠡᠳᠭᠦᠯ ᠳᠤ ᠨᠡᠶᠢᠳᠡᠯᠡᠭᠳᠡᠭᠰᠡᠨ ᠨᠢᠭᠡᠨ ᠰᠤᠳᠤᠯᠭᠠᠨ ᠤ ᠪᠦᠳᠦᠭᠡᠯ ᠳᠤ ᠵᠢᠭᠠᠵᠤ ᠭᠠᠷᠭᠠᠭᠰᠠᠨ ᠢᠶᠠᠷ᠂ ᠡᠳᠦᠷ ᠪᠦᠷᠢ | ᠬᠤᠭᠤᠯᠠᠨ ᠤ ᠲᠠᠷᠠᠭ᠎ᠠ 30 ᠮᠢᠨᠦ᠋ᠲ ᠰᠤᠯᠠ ᠠᠯᠬᠤᠯᠠᠪᠠᠯ ᠨᠦᠢᠷ ᠤᠨ ᠪᠤᠯᠴᠢᠷᠬᠠᠢ ᠶᠢᠨ ᠦᠮᠠᠨ ᠳᠤ ᠨᠡᠷᠪᠡᠭᠳᠡᠬᠦ | ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ᠃ | ᠤᠷᠢᠳᠤ ᠪᠤᠯᠴᠢᠷᠬᠠᠢ ᠶᠢᠨ ᠦᠮᠠᠨ ᠢ ᠡᠰᠡᠷᠭᠦᠴᠡᠨ᠎ᠡ᠃ ᠠᠮᠧᠷᠢᠺᠠ ᠶᠢᠨ ᠺᠠᠯᠢᠹᠦᠷᠨᠢᠶ᠎ᠠ ᠵᠸᠤ ᠶᠢᠨ ᠶᠡᠭᠡ | ᠰᠤᠷᠭᠠᠭᠤᠯᠢ ᠶᠢᠨ ᠰᠣᠳᠣᠯᠭᠠᠳᠠᠳ 1455 ᠤᠷᠢᠳᠤ ᠪᠤᠯᠴᠢᠷᠬᠠᠢ ᠶᠢᠨ ᠦᠮᠠᠨ ᠡᠪᠡᠳᠴᠢᠳᠠᠨ ᠳᠤ ᠤᠷᠳᠤ | ᠬᠤᠭᠤᠴᠠᠭᠠᠨ ᠤ ᠮᠦᠷᠳᠠᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠢᠶᠠᠷ᠂ ᠭᠠᠷᠠᠭ ᠪᠦᠷᠢ 3 ᠴᠠᠠᠭ ᠲᠦᠷᠭᠡᠨ | ᠠᠯᠬᠤᠪᠠᠯ ᠦᠮᠠᠨ ᠡᠪᠡᠳᠴᠢᠨ ᠤ ᠬᠦᠨᠳᠦᠷᠡᠬᠦ ᠬᠡᠮᠵᠢᠶ᠎ᠡ ᠨᠢ ᠬᠦᠳᠡᠯᠭᠡᠭᠡᠨ ᠬᠢᠳᠡᠭ ᠦᠭᠡᠢ ᠬᠦᠮᠦᠨ ᠠᠴᠠ 57% ᠢᠶᠠᠷ | ᠲᠤᠤᠷ᠎ᠠ ᠪᠠᠶᠢᠳᠠᠭ᠃ | ᠠᠯᠬᠤᠬᠤ ᠶᠢᠨ ᠠᠰᠢᠭ ᠲᠣᠰᠠ ᠶᠢ ᠪᠠᠳᠠᠷᠠᠭᠤᠯᠬᠤ ᠳᠤ ᠶᠠᠪᠤᠵᠤ ᠰᠠᠭᠤᠬᠤ ᠠᠯᠬᠤᠬᠤ ᠬᠡᠰᠬᠢᠬᠦ ᠬᠡᠪ ᠨᠠᠮᠪᠠ᠂ | ᠭᠠᠵᠠᠷ᠂ ᠡᠮᠦᠰᠭᠡᠯ ᠵᠠᠰᠠᠯ᠂ ᠴᠠᠭ ᠵᠢᠴᠢ ᠬᠤᠷᠳᠤᠴᠠ ᠵᠡᠷᠭᠡ ᠶᠢ ᠠᠩᠬᠠᠷᠤᠭᠤᠰᠢᠲᠠᠢ᠃ ᠠᠯᠬᠤᠯᠠᠬᠤ ᠳᠠᠭᠠᠨ ᠠᠯᠤᠰ ᠢ | ᠰᠢᠷᠳᠡᠨ ᠴᠡᠭᠡᠵᠢ ᠪᠠᠨ ᠲᠡᠨᠡᠶᠢᠯᠭᠡᠵᠦ᠂ ᠲᠡᠭᠰᠢ ᠤᠯᠠ ᠲᠠᠢ ᠱᠠᠬᠠᠢ ᠡᠮᠦᠰᠦᠨ ᠵᠢᠭᠳᠡ ᠬᠤᠷᠳᠤᠴᠠ ᠪᠠᠷ ᠶᠠᠪᠤᠨ᠎ᠠ᠃ | ᠬᠠᠮᠤᠭ ᠤᠨ ᠰᠠᠶᠢᠨ ᠨᠢ ᠦᠳᠡ ᠶᠢᠨ ᠬᠤᠶᠢᠨᠠᠬᠢ 4 ᠴᠠᠭ ᠤᠨ ᠦᠶᠡᠰ ᠢᠶᠠᠷ ᠨᠢᠭᠡ ᠰᠧᠺᠦ᠋ᠨ᠋ᠳ᠋ ᠲᠤ ᠬᠤᠶᠠᠷ ᠠᠯᠬᠤᠮ | ᠠᠯᠬᠤᠪᠠᠯ ᠦᠶ᠎ᠡ ᠬᠡᠰᠢᠭᠦᠨ ᠤ ᠱᠠᠯᠠᠮᠠᠭᠠᠢ ᠠᠮᠢᠳᠣᠯᠢᠭ᠂ ᠵᠢᠷᠦᠭᠡᠨ ᠴᠤᠬᠢᠯᠭ᠎ᠠ ᠪᠠ ᠴᠢᠰᠤᠨ ᠲᠠᠷᠤᠯᠳᠠ ᠶᠢ | ᠲᠤᠭᠳᠠᠭᠤᠨ ᠪᠠᠶᠢᠯᠭᠠᠳᠠᠭ᠃ ᠭᠡᠬᠦ ᠳᠡᠭᠡᠨ ᠴᠠᠭ ᠲᠠᠷᠤᠢ ᠳᠤᠨᠢ ᠤᠰᠤ ᠨᠦᠬᠦᠪᠦᠷᠢᠯᠡᠬᠦ ᠶᠢ ᠠᠩᠬᠠᠷᠬᠤ ᠴᠢᠬᠤᠯᠠᠲᠠᠢ᠃ | | |