ᠰᠢ ᠶᠢᠨ ᠫᠢᠩ 2022 ᠣᠨ ᠤ ᠳᠡᠯᠡᠬᠡᠢ ᠶᠢᠨ ᠡᠩᠬᠡ ᠲᠠᠶᠢᠪᠤᠩ ᠤᠨ ᠡᠳᠦᠷ ᠢ ᠳᠤᠷᠠᠰᠬᠠᠬᠤ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/9/23
     9 ᠰᠠᠷ᠎ᠠ ᠶᠢᠨ 21 ᠤ ᠡᠳᠦᠷ᠂ 2022 ᠣᠨ ᠤ ᠳᠡᠯᠡᠬᠡᠢ ᠶᠢᠨ ᠡᠩᠬᠡ ᠲᠠᠶᠢᠪᠤᠩ ᠤᠨ ᠡᠳᠦᠷ ᠢ ᠳᠤᠷᠠᠰᠬᠠᠬᠤ ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠷᠠᠰᠬᠠᠬᠤ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠠᠮᠤᠷ ᠲᠦᠪᠰᠢᠨ ᠤ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠨᠡ ᠬᠦ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠪᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠵᠣᠷᠢᠯᠲᠠ ᠪᠠ ᠵᠠᠷᠴᠢᠮ ᠢ ᠵᠢᠷᠤᠮᠯᠠᠵᠤ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠵᠤ᠂ ᠶᠠᠷᠢᠯᠴᠠᠭ᠎ᠠ ᠵᠥᠪᠳᠡᠯᠴᠡᠭᠡ ᠬᠢᠬᠦ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠭᠢ ᠵᠥᠷᠢᠯᠳᠦᠭᠡᠨ ᠪᠠ ᠮᠠᠷᠭᠤᠯᠳᠤᠭᠠᠨ ᠢ ᠰᠢᠢᠳᠪᠦᠷᠢᠯᠡᠵᠦ᠂ ᠡᠩᠬᠡ ᠲᠠᠶᠢᠪᠤᠩ ᠢ ᠬᠠᠮᠠᠭᠠᠯᠠᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠬᠠᠮᠲᠤ ᠪᠠᠷ ᠵᠠᠮᠨᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠨ ᠠᠬᠢᠭᠤᠯᠬᠤ ᠶᠢ ᠰᠠᠨᠠᠭᠠᠴᠢᠯᠠᠵᠠᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠵᠢᠯ ᠤᠨ ᠳᠤᠷᠠᠰᠬᠠᠬᠤ ᠠᠵᠢᠯᠯᠠᠭ᠎ᠠ ᠨᠢ ︽ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ︾ ᠪᠠᠷ ᠭᠤᠣᠯ ᠰᠡᠳᠦᠪ ᠢᠶᠠᠨ ᠪᠤᠯᠭᠠᠵᠥ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠬᠤ ᠵᠣᠷᠢᠭ ᠰᠠᠨᠠᠭ᠎ᠠ ᠲᠠᠢ ᠨᠡᠶᠢᠴᠡᠵᠦ ᠪᠠᠶᠢᠨ᠎ᠠ᠃ ᠳᠤᠷᠠᠰᠬᠠᠬᠤ ᠠᠵᠢᠯᠯᠠᠭ᠎ᠠ ᠨᠢ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 21 ᠤ ᠴᠠᠭᠢᠯᠭᠠᠨ ᠮᠡᠳᠡᠭᠡ︶
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号