ᠰᠡᠳᠬᠢᠯ ᠤᠨ ᠭᠦᠨ ᠳᠠᠬᠢ ︽ᠲᠡᠭᠷᠢ ᠶᠢᠨ ᠬᠠᠶᠠᠭᠠᠨ ᠳᠠᠬᠢ ᠲᠠᠯ᠎ᠠ ᠨᠤᠲᠤᠭ︾ ᠤᠨ ᠢᠶᠠᠨ ᠲᠦᠯᠦᠭᠡ
ᠨᠡᠶᠢᠲᠡᠯᠡᠭᠰᠡᠨ ᠴᠠᠭ᠄
2022/9/28
       ᠤᠯᠠᠨ ᠠᠵᠢᠯ ᠤᠨ ᠪᠠᠶᠢᠷᠢ ᠶᠢᠨ ᠳᠠᠪᠲᠠᠯᠲᠠ ᠶᠢ ᠥᠩᠭᠡᠷᠡᠭᠡᠵᠦ᠂ 2016 ᠣᠨ ᠤ ᠳᠡᠯᠭᠡᠷ ᠵᠤᠨ᠂ ᠬᠥᠯᠥᠨ ᠪᠤᠶᠢᠷ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠪᠥᠬᠡᠪᠠᠶᠠᠷ ᠵᠡᠭᠦᠳᠦᠨ ᠲᠤ ᠬᠤᠨᠣᠭᠰᠢᠭᠰᠠᠨ ᠲᠠᠯ᠎ᠠ ᠨᠤᠲᠤᠭ︱ᠰᠢᠨ᠎ᠡ ᠪᠠᠷᠭᠤ ᠪᠠᠷᠠᠭᠤᠨ ᠬᠤᠰᠢᠭᠤᠨ ᠳᠤ ᠵᠣᠬᠢᠶᠠᠨ ᠪᠠᠶᠢᠭᠤᠯᠤᠯᠲᠠ ᠶᠢᠨ ᠲᠣᠮᠢᠯᠠᠯᠲᠠ ᠪᠠᠷ ᠠᠵᠢᠯ ᠤᠨ ᠭᠠᠷᠤᠭ᠎ᠠ ᠪᠠᠨ ᠠᠪᠤᠪᠠ᠃        ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠠᠴᠠ ᠬᠤᠰᠢᠭᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠦᠷᠲᠡᠯ᠎ᠡ᠂ 6 ᠵᠢᠯ ᠤᠨ ᠬᠤᠭᠤᠴᠠᠭᠠᠨ ᠳᠤ ᠪᠦᠬᠡᠪᠠᠶᠠᠷ ᠲᠠᠯ᠎ᠠ ᠨᠤᠲᠤᠭ ᠲᠤ ᠨᠤᠲᠤᠭᠰᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠪᠠ ᠬᠥᠭᠵᠢᠯᠲᠡ ᠳᠤ ᠥᠪᠡᠷ ᠤᠨ ᠣᠶᠤᠨ ᠴᠢᠳᠠᠯ ᠢᠶᠠᠨ ᠰᠢᠪᠬᠠᠭᠰᠠᠨ ᠶᠤᠮ᠃
       ᠪᠥᠬᠡᠪᠠᠶᠠᠷ ︵ᠵᠡᠭᠦᠨᠳᠡᠬᠢ︶ ᠪᠤᠶᠢᠷ ᠰᠤᠮᠤ ᠶᠢᠨ ᠪᠤᠶᠢᠷ ᠭᠠᠴᠠᠭᠠᠨ ᠤ ᠮᠠᠯᠴᠢᠨ ᠲᠦᠮᠡᠨ ᠤ ᠳᠤ ᠭᠦᠨᠵᠡᠭᠡᠶᠢᠷᠡᠨ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠠᠵᠢᠯ ᠢ ᠪᠠᠶᠢᠴᠠᠭᠠᠨ ᠰᠣᠳᠣᠯᠵᠤ ᠪᠠᠶᠢᠭ᠎ᠠ ᠨᠢ᠃        ︽ᠲᠡᠭᠷᠢ ᠶᠢᠨ ᠬᠠᠶᠠᠭᠠᠨ ᠳᠠᠬᠢ ᠲᠠᠯ᠎ᠠ ᠨᠤᠲᠤᠭ︾ ᠬᠡᠮᠡᠨ ᠠᠯᠳᠠᠷᠰᠢᠭᠰᠠᠨ ᠰᠢᠨ᠎ᠡ ᠪᠠᠷᠭᠤ ᠪᠠᠷᠠᠭᠤᠨ ᠬᠤᠰᠢᠭᠤ ᠪᠣᠯ ᠬᠢᠯᠢ ᠬᠢᠵᠠᠭᠠᠷ ᠣᠷᠣᠨ ᠳᠤ ᠪᠠᠶᠢᠷᠢᠯᠠᠵᠤ ᠪᠠᠶᠢᠭ᠎ᠠ ᠮᠠᠯᠵᠢᠬᠤ ᠲᠣᠮᠣ ᠬᠤᠰᠢᠭᠤ ᠪᠣᠯᠣᠨ᠎ᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠪᠥᠬᠡᠪᠠᠶᠠᠷ ᠵᠡᠷᠭᠡ ᠬᠥᠮᠥᠰ ᠤᠨ ᠤᠯᠠᠨ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠲᠠᠮᠵᠢᠨ᠂ 2019 ᠣᠨ ᠳᠤ᠂ ᠰᠢᠨ᠎ᠡ ᠪᠠᠷᠭᠤ ᠪᠠᠷᠠᠭᠤᠨ ᠬᠤᠰᠢᠭᠤ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤᠨ ᠤ ᠨᠢᠭᠡ ᠪᠣᠯᠤᠭᠰᠠᠨ ᠪᠠᠶᠢᠨ᠎ᠠ᠃        3 ᠵᠢᠯ ᠤᠨ ᠲᠤᠷᠰᠢ᠂ ᠰᠢᠨ᠎ᠡ ᠪᠠᠷᠭᠤ ᠪᠠᠷᠠᠭᠤᠨ ᠬᠤᠰᠢᠭᠤ ᠮᠠᠯᠵᠢᠬᠤ ᠣᠷᠣᠨ ᠤ ᠣᠨᠴᠠᠯᠢᠭ ᠪᠠ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠪᠠ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠵᠣᠬᠢᠴᠠᠯᠳᠤᠭᠤᠯᠤᠨ ᠬᠥᠭᠵᠢᠭᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠠᠶᠢᠭᠤᠯᠤᠯ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠨ᠂ ︽ᠮᠠᠩᠯᠠᠢ︾ ︽ᠲᠤᠯᠤᠭᠠᠨ ᠲᠣᠰᠬᠤᠨ︾ ᠭᠡᠬᠦ ᠬᠤᠶᠠᠷ ᠵᠦᠢᠯ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ 19 ᠲᠤᠷᠰᠢᠯᠲᠠ ᠶᠢᠨ ᠴᠡᠭ ᠤᠨ ᠭᠠᠴᠠᠭᠠᠨ ᠤ ᠬᠤᠷᠰᠢᠶᠠᠵᠢᠯ ᠢ ᠪᠠᠶᠢᠭᠤᠯᠤᠨ᠂ 1900 ᠮᠠᠯᠵᠢᠬᠤ ᠡᠷᠦᠬᠡ ᠬᠤᠷᠰᠢᠶᠠᠵᠢᠯ ᠳᠤ ᠣᠷᠣᠭᠰᠠᠨ ᠪᠠᠶᠢᠨ᠎ᠠ᠃ ᠡᠯ᠎ᠡ ᠬᠤᠷᠰᠢᠶᠠᠵᠢᠯ 300 ᠲᠦᠮᠡᠨ ᠮᠦ ᠨᠤᠲᠤᠭ ᠪᠡᠯᠴᠢᠭᠡᠷ᠂ 3.6 ᠲᠦᠮᠡᠨ ᠲᠣᠯᠣᠭᠠᠢ ᠮᠠᠯ ᠢ ᠨᠢᠭᠡᠳᠬᠡᠵᠦ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠮᠠᠯᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃
       ᠪᠦᠬᠡᠪᠠᠶᠠᠷ ᠬᠦᠯᠦᠨ ᠪᠠᠯᠭᠠᠰᠤ ᠶᠢᠨ ᠳᠠᠰᠢᠮᠠᠭ ᠭᠠᠴᠠᠭᠠᠨ ᠤ ᠪᠠᠶᠠᠷᠲᠤ ᠶᠢᠨ ᠭᠡᠷ ᠲᠤ ᠬᠦᠷᠴᠦ ᠬᠦᠴᠢᠷ ᠲᠦᠪᠡᠭᠲᠡᠢ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ ᠪᠠᠶᠢᠭ᠎ᠠ ᠨᠢ᠃        ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠣᠷᠣᠨ ᠨᠤᠲᠤᠭ ᠤᠨ ᠬᠥᠭᠵᠢᠯᠲᠡ ᠲᠠᠢ ᠬᠤᠯᠪᠣᠭᠳᠠᠵᠤ᠂ ᠣᠷᠣᠨ ᠨᠤᠲᠤᠭ ᠤᠨ ᠤᠯᠤᠰ ᠲᠥᠷᠥ ᠶᠢᠨ ᠠᠮᠢ ᠠᠬᠤᠢ᠂ ᠨᠡᠶᠢᠭᠡᠮ ᠤᠨ ᠠᠮᠢ ᠠᠬᠤᠢ ᠶᠢᠨ ᠶᠡᠷᠦᠩᠬᠡᠶᠢᠯᠡᠭᠰᠡᠨ ᠲᠤᠰᠬᠠᠯ ᠮᠥᠨ᠃ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ ᠪᠥᠬᠦ ᠬᠦᠴᠦᠨ ᠢᠶᠠᠷ ᠢᠶᠠᠨ ᠲᠣᠭᠲᠠᠭᠤᠨ ᠢᠶᠠᠷ ᠨᠡᠮᠡᠭᠳᠡᠭᠦᠯᠦᠨ᠂ ᠳᠤᠳᠠᠭᠲᠠᠯ ᠢᠶᠠᠨ ᠨᠥᠬᠦᠪᠦᠷᠢᠯᠡᠵᠦ᠂ ᠳᠠᠯᠳᠠ ᠬᠦᠴᠦᠨ ᠢᠶᠠᠨ ᠠᠭᠤᠳᠠᠯᠤᠨ᠂ ᠳᠠᠪᠠᠭᠤᠯᠢᠭ ᠢᠶᠠᠨ ᠨᠡᠮᠡᠭᠳᠡᠭᠦᠯᠵᠦ᠂ ᠬᠤᠰᠢᠭᠤᠨ ᠤ ᠬᠡᠪᠴᠢᠶᠡᠨ ᠳᠠᠬᠢ ᠠᠵᠤ ᠠᠬᠤᠢ ᠶᠢᠨ ᠴᠢᠨᠠᠷ ᠰᠠᠶᠢᠲᠠᠢ ᠨᠡᠮᠡᠭᠳᠡᠯ ᠤᠨ ᠲᠤᠶᠢᠯ ᠢ ᠪᠣᠶ ᠪᠣᠯᠭᠠᠬᠤ︾ ᠠᠵᠢᠯ ᠤᠨ ᠰᠡᠳᠬᠢᠮᠵᠢ ᠶᠢ ᠲᠣᠭᠲᠠᠭᠠᠪᠠ᠃ ᠪᠥᠬᠡᠪᠠᠶᠠᠷ ᠪᠥᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠦᠲᠦᠯᠦᠨ ᠵᠢᠯᠣᠭᠤᠳᠴᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠵᠤ᠂ ᠲᠥᠷᠥᠯ ᠵᠦᠢᠯ ᠢ ᠣᠯᠬᠤ ᠪᠠᠷ ᠴᠢᠷᠮᠠᠶᠢᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠥᠨᠥ ᠵᠢᠯ ᠤᠨ ᠬᠤᠲᠠ ᠶᠢᠨ ᠲᠠᠰ ᠤᠨ 10 ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠰᠢᠭᠤᠨ ᠤ ᠲᠠᠰ ᠤᠨ 38 ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠲᠥᠯᠥᠪᠯᠡᠨ ᠬᠡᠷᠡᠭᠵᠢᠭᠦᠯᠪᠡ᠃        ᠬᠤᠰᠢᠭᠤᠨ ᠤ ︽ᠨᠢᠭᠡᠳᠦᠭᠡᠷ ᠬᠠᠷᠢᠭᠤᠴᠠᠯᠭᠠᠲᠠᠨ︾ ᠪᠣᠯᠤᠭᠰᠠᠨ ᠤ ᠬᠤᠪᠢ ᠳᠤ᠂ ᠪᠥᠬᠡᠪᠠᠶᠠᠷ ᠦᠷᠭᠦᠯᠵᠢ ᠬᠦᠮᠦᠨ ᠴᠦᠬᠡᠨ ᠬᠦᠰᠭᠡ ᠬᠦᠩᠭᠡᠨ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠢᠵᠢᠭ ᠪᠠᠭ᠎ᠠ ᠠᠵᠤ ᠠᠬᠤᠶᠢᠯᠠᠯ ᠳᠤ ᠭᠦᠨᠵᠡᠭᠡᠶᠢᠷᠡᠨ᠂ ᠤᠯᠠᠨ ᠲᠦᠮᠡᠨ ᠪᠠ ᠠᠵᠤ ᠠᠬᠤᠶᠢᠯᠠᠯ ᠤᠨ ᠥᠮᠴᠢᠲᠡᠨ ᠲᠠᠢ ᠨᠢᠭᠤᠷᠲᠠᠨ ᠶᠠᠷᠢᠯᠴᠠᠵᠤ᠂ ᠰᠠᠨᠠᠯ ᠰᠠᠨᠠᠭᠤᠯᠭ᠎ᠠ ᠬᠤᠷᠢᠶᠠᠨ᠂ ᠠᠵᠤ ᠠᠬᠤᠶᠢᠯᠠᠯ ᠪᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠳᠠᠭ ᠶᠤᠮ᠃ ᠪᠥᠬᠡᠪᠠᠶᠠᠷ ᠦᠷᠭᠦᠯᠵᠢ ᠨᠠᠮ ᠤᠨ ᠭᠡᠰᠢᠭᠦᠨ ᠺᠠᠳ᠋ᠷᠴᠤᠳ ᠲᠤ᠄ ︽ᠪᠢᠳᠡ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠨᠢ ᠳᠠᠷᠤᠢ ᠠᠷᠠᠳ ᠤᠯᠠᠨ ᠳᠤ ᠦᠢᠯᠡᠴᠢᠯᠡᠵᠦ ᠪᠠᠶᠢᠭ᠎ᠠ ᠶᠠᠪᠤᠳᠠᠯ ᠮᠥᠨ᠂ ᠠᠵᠤ ᠠᠬᠤᠶᠢᠯᠠᠯ ᠪᠠ ᠠᠷᠠᠳ ᠲᠦᠮᠡᠨ ᠳᠤ ᠲᠦᠭᠦᠮ ᠦᠵᠡᠭᠦᠯᠪᠡᠯ ᠳᠠᠷᠤᠢ ᠪᠡᠨ᠎ᠡ ᠲᠠᠢ ᠶᠤᠮ︾ ᠭᠡᠵᠦ ᠶᠠᠷᠢᠳᠠᠭ᠃        ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠴᠢᠨᠠᠷᠵᠢᠭᠤᠯᠬᠤ᠂ ᠠᠳᠠᠯᠢ ᠲᠡᠭᠰᠢ ᠪᠣᠯᠭᠠᠬᠤ ᠶᠢ ᠠᠬᠢᠭᠤᠯᠬᠤ ᠶᠠᠪᠤᠴᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ︽ᠮᠦᠩᠬᠡ ᠰᠤᠪᠠᠭ︾ ᠲᠤ ᠳᠠᠩᠰᠠᠯᠠᠭᠤᠯᠤᠭᠰᠠᠨ ᠨᠣᠷᠮ᠎ᠠ᠂ ᠡᠯᠧᠺᠲᠷᠣᠨ ᠭᠠᠷ ᠤᠨ ᠥᠰᠥᠭ ᠲᠠᠮᠠᠭ᠎ᠠ ᠦᠶᠯᠡᠳᠬᠦ ᠪᠠ ᠭᠠᠷ ᠤᠨ ᠥᠰᠥᠭ ᠲᠠᠮᠠᠭ᠎ᠠ ᠳᠠᠷᠤᠭᠰᠠᠨ ᠨᠣᠷᠮ᠎ᠠ ᠬᠥᠯᠥᠨ ᠪᠤᠶᠢᠷ ᠬᠤᠲᠠ ᠶᠢᠨ ᠲᠡᠷᠢᠭᠦᠨ ᠳᠤ ᠵᠢᠭᠰᠠᠭᠠᠭᠳᠠᠪᠠ︔ ᠪᠥᠬᠦ ᠬᠤᠰᠢᠭᠤᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠢ ᠪᠣᠭᠤᠨᠢᠰᠬᠠᠬᠤ᠂ ᠶᠠᠪᠤᠴᠠ ᠶᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠭᠤᠶᠤᠴᠢᠯᠠᠬᠤ ᠮᠠᠲ᠋ᠧᠷᠢᠶᠠᠯ ᠢ 11% ᠪᠠᠷ ᠪᠠᠭᠠᠰᠬᠠᠵᠤ᠂ ᠭᠡᠷᠡᠴᠢᠯᠡᠬᠦ ᠮᠠᠲ᠋ᠧᠷᠢᠶᠠᠯ ᠢ 25% ᠪᠠᠷ ᠪᠠᠭᠠᠰᠬᠠᠵᠤ᠂ ᠭᠦᠢᠴᠡᠳᠬᠡᠬᠦ ᠴᠠᠭ ᠢ 15% ᠪᠠᠷ ᠪᠣᠭᠤᠨᠢᠰᠬᠠᠵᠤ᠂ ᠭᠦᠶᠦᠬᠦ ᠤᠳᠠᠭ᠎ᠠ ᠶᠢ 30% ᠪᠠᠷ ᠪᠠᠭᠠᠰᠬᠠᠪᠠ᠁
       ᠪᠥᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠳᠤ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠣᠳᠣᠯᠵᠤ ᠪᠠᠶᠢᠭ᠎ᠠ ᠨᠢ᠃        ᠪᠥᠬᠡᠪᠠᠶᠠᠷ ᠤᠨ ᠦᠵᠡᠬᠦ ᠪᠠᠷ᠂ ᠨᠤᠲᠤᠭ ᠤᠰᠤ ᠪᠠᠨ ᠰᠠᠶᠢᠲᠤᠷ ᠬᠠᠮᠠᠭᠠᠯᠠᠨ ᠵᠠᠰᠠᠪᠠᠯ ᠰᠠᠶ᠋ᠢ ᠠᠷᠠᠳ ᠲᠦᠮᠡᠨ ᠳᠤ ᠪᠤᠶᠠᠨ ᠦᠢᠯᠡᠳᠴᠦ ᠴᠢᠳᠠᠨ᠎ᠠ᠃ ᠬᠥᠯᠥᠨ ᠨᠠᠭᠤᠷ ᠤᠨ ᠪᠠᠷᠠᠭᠤᠨ ᠡᠷᠭᠢ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠳᠤ ᠪᠠᠶᠢᠷᠢᠯᠠᠵᠤ᠂ 2017 ᠣᠨ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠪᠥᠬᠡᠪᠠᠶᠠᠷ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠭᠠᠭᠤᠯᠵᠤ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠪᠠ᠃ ᠬᠡᠳᠦᠨ ᠵᠢᠯ ᠤᠨ ᠲᠤᠷᠰᠢ᠂ ᠰᠢᠨ᠎ᠡ ᠪᠠᠷᠭᠤ ᠪᠠᠷᠠᠭᠤᠨ ᠬᠤᠰᠢᠭᠤ ᠠᠷᠠᠳ ᠢ ᠨᠡᠭᠦᠯᠭᠡᠬᠦ᠂ ᠤᠤᠭᠤᠬᠤ ᠤᠰᠤᠨ ᠤ ᠠᠮᠤᠷ ᠲᠦᠪᠰᠢᠨ᠂ ᠨᠠᠭᠤᠷ ᠢ ᠲᠣᠭᠤᠷᠢᠭᠰᠠᠨ ᠡᠯᠡᠰᠦᠷᠬᠡᠭ ᠭᠠᠵᠠᠷ ᠢ ᠵᠠᠰᠠᠬᠤ᠂ ᠡᠷᠬᠢᠨ ᠲᠣᠭᠤᠷᠢᠨ ᠤ ᠦᠵᠡᠮᠵᠢ ᠶᠢᠨ ᠣᠷᠣᠨ ᠢ ᠨᠤᠷᠠᠭᠠᠬᠤ ᠵᠡᠷᠭᠡ 9 ᠵᠦᠢᠯ ᠤᠨ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠵᠦ᠂ ᠬᠥᠯᠥᠨ ᠨᠠᠭᠤᠷ ᠤᠨ ᠤᠰᠤᠨ ᠤ ᠲᠠᠯᠠᠪᠠᠶ 2015 ᠣᠨ ᠳᠤ 2030 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ ᠪᠠᠨ ᠥᠨᠥ ᠵᠢᠯ 2243 ᠲᠡᠭᠰᠢ ᠳᠥᠷᠪᠡᠯᠵᠢᠨ ᠺᠢᠯᠣᠮᠧᠲᠷ ᠪᠣᠯᠣᠨ ᠨᠡᠮᠡᠭᠳᠡᠵᠦ᠂ ᠤᠰᠤᠨ ᠤ ᠴᠢᠨᠠᠷ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠨᠢ ᠭᠠᠵᠠᠷ ᠳᠡᠭᠡᠷᠡᠬᠢ ᠤᠰᠤᠨ ᠤ V ᠲᠥᠷᠥᠯ ᠤᠨ ᠪᠠᠷᠢᠮᠵᠢᠶ᠎ᠠ ᠳᠤ ᠬᠦᠷᠴᠦ᠂ ᠡᠷᠬᠢᠨ ᠲᠣᠭᠤᠷᠢᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠯᠡᠳᠲᠡ ᠳᠡᠭᠡᠭᠰᠢᠯᠡᠭᠰᠡᠨ ᠪᠠᠶᠢᠨ᠎ᠠ᠃        ᠰᠢᠨ᠎ᠡ ᠪᠠᠷᠭᠤ ᠪᠠᠷᠠᠭᠤᠨ ᠬᠤᠰᠢᠭᠤ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠭᠤᠯᠵᠠᠷ ᠲᠤ ᠪᠠᠶᠢᠷᠢᠯᠠᠵᠤ ᠪᠠᠶᠢᠳᠠᠭ᠃ 2020 ᠣᠨ ᠠᠴᠠ ᠨᠠᠰᠢ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ 2021 ᠣᠨ ᠤ 11 ᠰᠠᠷ᠎ᠠ ᠳᠤ᠂ ᠬᠥᠷᠰᠢ ᠵᠡᠷᠭᠡᠯᠡᠳᠡᠭᠡ ᠮᠠᠨᠵᠤᠤᠷ ᠬᠤᠳᠠ ᠳᠤ ᠭᠡᠨᠡᠳᠲᠡ ᠬᠢᠵᠢᠭ ᠳᠡᠯᠭᠡᠷᠡᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠠᠯᠳᠠᠪᠤᠷᠢᠯᠠᠨ ᠣᠷᠣᠵᠤ᠂ ᠥᠪᠡᠷᠲᠡᠭᠡᠨ ᠵᠠᠰᠠᠬᠤ ᠣᠷᠣᠨ ᠳᠤ ᠴᠢᠬᠤᠯᠠ ᠬᠤᠷᠠᠯ ᠳᠤ ᠣᠷᠣᠯᠴᠠᠵᠤ ᠪᠠᠶᠢᠭᠰᠠᠨ ᠪᠥᠬᠡᠪᠠᠶᠠᠷ ᠲᠡᠷᠡ ᠳᠠᠷᠤᠢ ᠳᠤᠨᠢ ᠬᠤᠰᠢᠭᠤᠨ ᠳᠠᠭᠠᠨ ᠪᠤᠴᠠᠪᠠ᠃        ᠬᠢᠵᠢᠭ ᠢ ᠡᠰᠡᠷᠭᠦᠴᠡᠬᠦ ᠡᠳᠦᠷ ᠤᠳ ᠲᠤ᠂ ᠪᠥᠬᠡᠪᠠᠶᠠᠷ ᠡᠷᠲᠡᠯᠡᠵᠦ ᠣᠷᠣᠶᠢᠯᠠᠨ ᠠᠵᠢᠯᠯᠠᠵᠤ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠢ ᠳᠠᠭᠠᠭᠤᠯᠤᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠭᠦᠨᠵᠡᠭᠡᠶᠢᠷᠡᠪᠡ᠃ ᠵᠢᠯᠤᠭᠤᠳᠬᠤ ᠭᠠᠵᠠᠷ ᠲᠤ ᠲᠡᠭᠦᠨ ᠤ ᠶᠠᠭᠠᠷᠠᠯᠲᠠᠢ ᠪᠠᠷ᠎ᠠ ᠬᠠᠷᠠᠭᠳᠠᠨ᠎ᠠ᠂ ᠲᠡᠭᠦᠨ ᠤ ᠬᠠᠯᠠᠮᠵᠢᠯᠠᠯ ᠤᠨ ᠲᠠᠭᠤᠨ ᠬᠠᠷᠠᠭᠳᠠᠨ᠎ᠠ᠂ ᠲᠤᠰᠠᠭᠠᠷᠯᠠᠬᠤ ᠭᠠᠵᠠᠷ ᠲᠤ ᠲᠡᠭᠦᠨ ᠤ ᠠᠵᠢᠯᠯᠠᠭᠰᠠᠨ ᠤᠯᠠ ᠮᠥᠷ ᠬᠠᠷᠠᠭᠳᠠᠨ᠎ᠠ ᠁ 1 ᠰᠠᠷ᠎ᠠ ᠶᠢᠨ ᠬᠠᠲᠠᠭᠤᠵᠢᠯᠲᠠᠢ ᠲᠡᠮᠡᠴᠡᠯ ᠢᠶᠠᠷ ᠳᠡᠮᠵᠢᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠠᠮᠤᠭ ᠤᠨ ᠪᠠᠭ᠎ᠠ ᠦᠨ᠎ᠡ ᠥᠷᠲᠡᠭ ᠪᠠ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠢᠯᠠᠨ ᠳᠠᠪᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号