ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠥᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ ᠢ ᠤᠷᠢᠨ ᠲᠣᠮᠢᠯᠠᠬᠤ ᠶᠣᠰᠣᠯᠠᠯ ᠵᠢᠴᠢ ᠬᠠᠥᠯᠢ ᠪᠠᠷ ᠵᠠᠰᠠᠬᠤ ᠰᠤᠷᠭᠠᠨ ᠬᠦᠮᠦᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/28
       ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠴᠢᠨᠠᠭᠰᠢᠳᠠ ᠴᠢᠩᠭᠠᠳᠬᠠᠵᠤ᠂ ᠰᠤᠷᠤᠭᠴᠢᠳ ᠤᠨ ᠬᠠᠥᠯᠢ ᠪᠠᠷ ᠵᠠᠰᠠᠬᠤ ᠬᠦᠮᠦᠵᠢᠯ ᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠰᠤᠷᠭᠠᠨ ᠬᠦᠮᠦᠵᠢᠯ ᠤᠨ ᠲᠣᠪᠴᠢᠶ᠎ᠠ ᠬᠠᠥᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ ᠢ ᠤᠷᠢᠨ ᠲᠣᠮᠢᠯᠠᠬᠤ ᠶᠣᠰᠣᠯᠠᠯ ᠵᠢᠴᠢ ᠬᠠᠥᠯᠢ ᠪᠠᠷ ᠵᠠᠰᠠᠬᠤ ᠰᠤᠷᠭᠠᠨ ᠬᠦᠮᠦᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠲᠦ᠋ ᠵᠢᠶᠠᠩ ᠬᠤᠩ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠦᠮᠦᠵᠢᠯ ᠤᠨ ᠬᠢᠨᠠᠨ ᠵᠢᠯᠣᠭᠤᠳᠬᠤ ᠵᠥᠪᠯᠡᠯ᠂ ᠪᠠᠶᠢᠴᠠᠭᠠᠭᠴᠢ᠂ ᠰᠤᠷᠭᠠᠨ ᠬᠦᠮᠦᠵᠢᠯ ᠤᠨ ᠲᠣᠪᠴᠢᠶᠠᠨ ᠤ ᠬᠠᠮᠢᠶᠠᠲᠠᠢ ᠠᠵᠢᠯᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠥᠯᠢ ᠪᠠᠷ ᠵᠠᠰᠠᠬᠤ ᠰᠤᠷᠭᠠᠨ ᠬᠦᠮᠦᠵᠢᠯ ᠤᠨ ᠬᠠᠷᠢᠭᠤᠴᠠᠯᠭᠠᠲᠠᠨ ᠣᠷᠣᠯᠴᠠᠵᠠᠢ᠃
      ᠬᠤᠷᠠᠯ ᠳᠤ᠂ ︽ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠥᠯᠢ ᠪᠠᠷ ᠵᠠᠰᠠᠬᠤ ᠳᠡᠳ᠋ ᠵᠠᠬᠢᠷᠤᠯ ᠢ ᠤᠷᠢᠨ ᠲᠣᠮᠢᠯᠠᠬᠤ ᠮᠡᠳᠡᠭᠳᠡᠯ︾ ᠨᠡᠶᠢᠲᠡᠯᠡᠵᠦ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠥᠯᠢ ᠪᠠᠷ ᠵᠠᠰᠠᠬᠤ ᠳᠡᠳ᠋ ᠵᠠᠬᠢᠷᠤᠯ ᠢᠶᠠᠷ ᠤᠷᠢᠨ ᠲᠣᠮᠢᠯᠠᠭᠳᠠᠭᠰᠠᠨ ᠪᠠᠶᠢᠴᠠᠭᠠᠭᠴᠢ ᠳᠤ ᠤᠷᠢᠯᠭ᠎ᠠ ᠶᠢᠨ ᠪᠢᠴᠢᠭ ᠣᠯᠭᠤᠭᠰᠠᠨ ᠤ ᠬᠠᠮᠲᠤ᠂ ᠨᠡᠶᠢᠲᠡ ᠶᠢᠨ ᠠᠰᠠᠷᠠᠮᠵᠢ ᠶᠢᠨ ᠨᠣᠮ ᠬᠦᠷᠭᠡᠪᠡ᠃        ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠶᠢᠰᠢᠳᠠ ᠶᠢᠨ ᠠᠵᠢᠯ ᠳᠤᠮᠳᠠ ᠪᠠᠨ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶᠠᠨ ᠤ ᠨᠢᠭᠡᠳᠦᠯᠲᠡᠢ ᠲᠦᠯᠦᠪᠯᠡᠭᠡ ᠳᠣᠣᠷ᠎ᠠ᠂ ᠠᠷᠠᠳ ᠤᠨ ᠰᠢᠭᠦᠬᠦ ᠬᠤᠷᠢᠶ᠎ᠠ᠂ ᠳᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ᠂ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠯᠦᠭᠡ ᠶᠢᠨ ᠬᠠᠮᠵᠢᠯᠴᠠᠭ᠎ᠠ ᠪᠠᠨ ᠦᠷᠬᠦᠯᠵᠢᠯᠡᠨ ᠴᠢᠩᠭᠠᠳᠬᠠᠵᠤ᠂ ᠬᠠᠥᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ ᠤᠨ ᠠᠵᠢᠯ ᠢ ᠢᠳᠡᠪᠬᠢᠲᠡᠢ ᠦᠷᠨᠢᠭᠦᠯᠵᠦ᠂ ᠬᠠᠥᠯᠢ ᠪᠠᠷ ᠵᠠᠰᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠪᠠᠷ ᠪᠤᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号