ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠬᠡᠪᠯᠡᠭᠦᠯᠦᠨ ᠲᠠᠷᠬᠠᠭᠠᠬᠤ ᠪᠠᠷ ᠪᠠᠶᠢᠭ᠎ᠠ | ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠳᠤ ︽ᠰᠡᠷᠭᠦᠨ ᠮᠠᠨᠳᠤᠯᠲᠠ ᠶᠢᠨ ᠵᠠᠮ ᠢᠶᠠᠷ ᠡᠷᠡᠰ ᠪᠠᠲᠤ | ᠤᠷᠤᠭᠰᠢᠯᠠᠶ᠎ᠠ︾ ᠭᠡᠬᠦ ᠰᠡᠳᠦᠪ ᠲᠠᠢ ᠣᠷᠣᠰᠢᠯ ᠪᠢᠴᠢᠵᠦ ᠥᠭᠪᠡ᠃ | ᠰᠢ ᠶᠢᠨ ᠫᠢᠩ᠂ ᠲᠡᠦᠬᠡ ᠰᠤᠳᠤᠷ ᠢ ᠪᠢᠴᠢᠵᠦ᠂ ᠲᠡᠦᠭᠡᠨ ᠮᠠᠲ᠋ᠧᠷᠢᠶᠠᠯ ᠠᠴᠠ ᠰᠡᠩᠬᠡᠷᠡᠭᠦᠯᠦᠯ ᠤᠯᠵᠦ᠂ | ᠰᠣᠶᠣᠯ ᠢᠶᠠᠷ ᠬᠥᠮᠦᠨ ᠢ ᠤᠬᠠᠭᠠᠷᠠᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ | ᠦᠷᠭᠦᠯᠵᠢᠯᠡᠭᠰᠡᠨ ᠤᠯᠠᠮᠵᠢᠯᠠᠯ ᠪᠣᠯᠤᠨ᠎ᠠ᠃ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠶᠢ ᠨᠠᠶᠢᠷᠠᠭᠤᠯᠬᠤ ᠪᠣᠯ | ᠨᠠᠮ ᠤᠨ ᠲᠥᠪ ᠬᠤᠷᠢᠶᠠᠨ ᠠᠴᠠ ᠵᠥᠪᠰᠢᠶᠡᠷᠡᠨ ᠬᠡᠷᠡᠭᠵᠢᠭᠦᠯᠦᠭᠰᠡᠨ ᠴᠢᠬᠤᠯᠠ ᠶᠡᠭᠡ ᠰᠣᠶᠣᠯ ᠤᠨ ᠢᠨᠵᠧᠨᠧᠷᠢᠩ | ᠪᠣᠯᠤᠨ᠎ᠠ᠃ ᠮᠠᠨ ᠤ ᠨᠠᠮ ᠠᠷᠠᠳ ᠲᠦᠮᠡᠨ ᠢ ᠳᠠᠭᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠲᠠᠰᠢᠷᠠᠮ ᠳᠤ᠂ ᠡᠨᠡ ᠬᠦ ᠰᠤᠳᠤᠷ ᠪᠢᠴᠢᠭ ᠢ | ᠬᠡᠪᠯᠡᠭᠦᠯᠬᠦ ᠨᠢ ᠪᠢᠳᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠴᠠᠭ ᠦᠶ᠎ᠡ ᠶᠢᠨ ᠶᠡᠭᠡ ᠬᠠᠨᠳᠤᠰᠢ ᠶᠢ | ᠡᠵᠡᠮᠳᠡᠬᠦ᠂ ᠳᠤᠮᠳᠠᠳᠤ ᠤᠯᠤᠰ ᠤᠨ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ | ᠮᠥᠨ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ | ᠣᠷᠴᠢᠨ ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠪᠠᠶᠢᠭ᠎ᠠ ᠦᠭᠡᠢ ᠭᠠᠢ | ᠵᠣᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ | ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃ ᠲᠤᠭ᠎ᠠ ᠲᠣᠮᠰᠢ ᠦᠭᠡᠢ ᠴᠢᠩ ᠵᠤᠷᠢᠬᠳᠠᠨ ᠴᠥᠬᠦᠷᠡᠰᠢ ᠦᠭᠡᠢ | ᠲᠡᠮᠡᠴᠡᠵᠦ᠂ ᠬᠠᠶᠢᠨ ᠰᠦᠪᠡᠭᠴᠢᠯᠡᠵᠦ᠂ ᠲᠡᠮᠡᠤᠯᠦᠨ ᠤᠷᠤᠭᠰᠢᠯᠠᠵᠤ ᠤᠷᠢᠶᠠᠯᠠᠨ ᠬᠠᠰᠭᠢᠷᠴᠤ᠂ ᠡᠷᠡᠯᠬᠡᠭᠯᠡᠨ ᠪᠣᠰᠴᠤ | ᠡᠰᠡᠷᠭᠦᠴᠡᠨ ᠲᠡᠮᠡᠴᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠰᠢᠷᠭᠠᠭᠤ | ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠵᠦ᠂ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ | ᠡᠷᠢᠨ ᠣᠯᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠶᠢᠨ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ | ᠠᠭᠤᠤ ᠶᠡᠭᠡ ᠦᠰᠦᠷᠦᠯᠲᠡ ᠶᠢ ᠤᠭᠲᠤᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ | ᠬᠠᠮᠤᠭ ᠤᠨ ᠰᠦᠷ ᠳᠠᠯᠠᠶᠢᠴᠠᠲᠠᠢ ᠲᠡᠦᠬᠡᠨ ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠳᠤ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠣᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨᠵᠢᠯᠡᠬᠦ ᠤᠬᠠᠭᠠᠨᠴᠢ | ᠤᠨᠤᠯ ᠤᠨ ᠵᠢᠯᠤᠭᠤᠳᠤᠯᠭ᠎ᠠ ᠪᠣᠯᠤᠨ ᠵᠥᠪ ᠵᠠᠮ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠲᠦᠭ ᠲᠦᠮᠡᠨ ᠠᠷᠠᠳ | ᠲᠦᠮᠡᠨ ᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠᠯ ᠳᠤᠮᠳᠠᠳᠤ ᠤᠯᠤᠰ ᠤᠨ ᠠᠷᠠᠳ | ᠲᠦᠮᠡᠨ ᠳᠠᠷᠤᠢ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ | ᠪᠠᠲᠤ ᠡᠵᠡᠮᠳᠡᠵᠦ ᠴᠢᠳᠠᠨ᠎ᠠ ᠭᠡᠳᠡᠭ ᠢ ᠲᠡᠦᠬᠡ ᠨᠢᠭᠡᠨᠲᠡ ᠭᠡᠷᠡᠴᠢᠯᠡᠭᠰᠡᠨ ᠪᠥᠭᠡᠳ ᠦᠷᠭᠦᠯᠵᠢᠯᠡᠨ ᠭᠡᠷᠡᠴᠢᠯᠡᠬᠦ ᠪᠣᠯᠤᠨ᠎ᠠ︕ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠦᠶ᠎ᠡ | ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠲᠡᠷᠢᠭᠦᠨ ᠤ ᠬᠥᠮᠦᠰ ᠪᠣᠯᠤᠨ ᠰᠢᠯᠢᠳᠡᠭ ᠬᠥᠪᠡᠭᠦᠳ ᠥᠬᠢᠳ ᠤᠨ | ᠬᠠᠶᠢᠨ ᠰᠦᠪᠡᠭᠴᠢᠯᠡᠯᠳᠡ᠂ ᠲᠡᠮᠡᠴᠡᠯ᠂ ᠦᠷᠡᠭᠳᠡᠯ᠂ ᠡᠭᠦᠳᠦᠯᠲᠡ ᠨᠢ ᠶᠡᠭᠡ ᠬᠡᠮᠵᠢᠶᠡᠨ ᠤ ᠴᠢᠬᠤᠯᠠ ᠲᠡᠦᠬᠡᠨ ᠦᠨ᠎ᠡ | ᠦᠷᠳᠡᠭ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ ᠬᠤᠪᠣᠷ ᠨᠠᠨᠳᠢᠨ ᠲᠤᠯᠭᠤᠷ ᠪᠢᠴᠢᠭ ᠢ ᠦᠯᠡᠳᠡᠭᠡᠵᠡᠢ᠃ | ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠭᠡᠬᠦ ᠲᠤᠮᠤ ᠬᠡᠯᠪᠡᠷᠢ ᠶᠢᠨ ᠲᠡᠦᠬᠡᠨ ᠲᠤᠯᠭᠤᠷ ᠪᠢᠴᠢᠭ ᠤᠨ | ᠴᠤᠪᠤᠷᠠᠯ ᠪᠢᠴᠢᠭ ᠢ ᠨᠠᠶᠢᠷᠠᠭᠤᠯᠤᠨ ᠬᠡᠪᠯᠡᠭᠦᠯᠬᠦ ᠭᠡᠵᠦ ᠪᠠᠶᠢᠭ᠎ᠠ ᠨᠢ ᠳᠠᠷᠤᠢ ᠤᠢᠢᠷ᠎ᠠ ᠦᠶ᠎ᠡ ᠠᠴᠠ ᠨᠠᠭᠠᠰᠢᠬᠢ | ᠴᠢᠬᠤᠯᠠ ᠦᠵᠡᠯ ᠰᠠᠨᠠᠭᠠᠨ ᠤ ᠲᠤᠯᠭᠤᠷ ᠪᠢᠴᠢᠭ ᠤᠨ ᠰᠣᠩᠭᠤᠮᠠᠯ ᠢᠶᠠᠷ ᠲᠠᠮᠵᠢᠨ᠂ ᠤᠷᠢᠳᠤᠬᠢ ᠬᠥᠮᠦᠰ ᠤᠨ | ᠨᠡᠭᠡᠭᠡᠯᠳᠡ ᠶᠢ ᠬᠦᠦᠷᠨᠢᠨ᠂ ᠢᠷᠡᠬᠦ ᠬᠦᠮᠦᠰ ᠤᠨ ᠲᠡᠮᠡᠴᠡᠯ ᠢ ᠰᠡᠩᠭᠡᠷᠡᠭᠦᠯᠬᠦ ᠪᠣᠯᠤᠨ᠎ᠠ᠃ ᠣᠳᠣᠬᠠᠨ ᠳᠤ ᠳᠡᠯᠡᠬᠡᠢ | ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠢᠳᠡᠡ ᠤ | ᠲᠡᠦᠬᠡ ᠪᠠᠷ ᠲᠤᠯᠢ ᠪᠣᠯᠭᠠᠵᠤ᠂ ᠥᠩᠭᠡᠷᠡᠭᠰᠡᠨ ᠢ ᠠᠵᠢᠬᠯᠠᠵᠤ ᠢᠷᠡᠭᠡᠳᠦᠢ ᠶᠢ ᠮᠡᠳᠡᠬᠦ ᠶᠢ ᠨᠡᠩ ᠱᠠᠭᠠᠷᠳᠠᠵᠤ ᠪᠠᠶᠢᠨ᠎ᠠ᠃ | ᠨᠠᠮ ᠤᠨ ᠲᠡᠦᠬᠡ ᠶᠢ ᠰᠠᠶᠢᠲᠤᠷ ᠰᠤᠷᠤᠯᠴᠠᠭᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠣᠷᠴᠢᠨ ᠦᠶ᠎ᠡ ᠶᠢᠨ | ᠲᠡᠦᠬᠡ ᠶᠢ ᠰᠠᠶᠢᠲᠤᠷ ᠰᠤᠷᠤᠯᠴᠠᠵᠤ᠂ ᠳᠤᠮᠳᠠᠳᠤ ᠤᠯᠤᠰ ᠤᠨ ᠲᠡᠦᠬᠡ ᠶᠢ ᠰᠠᠶᠢᠲᠤᠷ ᠰᠤᠷᠤᠯᠴᠠᠵᠤ᠂ ᠪᠢᠳᠡ | ᠬᠠᠮᠢᠭ᠎ᠠ ᠠᠴᠠ ᠢᠷᠡᠭᠰᠡᠨ᠂ ᠬᠠᠮᠢᠭ᠎ᠠ ᠬᠦᠷᠬᠦ ᠪᠠᠨ ᠲᠣᠳᠣᠷᠬᠠᠢ ᠮᠡᠳᠡᠵᠦ᠂ ᠳᠤᠮᠳᠠᠳᠤ ᠤᠯᠤᠰ ᠤᠨ ᠡᠪ ᠬᠠᠮᠲᠤᠴᠤᠳ | ᠶᠠᠭᠤ ᠬᠢᠳᠡᠭ᠂ ᠨᠢᠭᠡᠨᠲᠡ ᠶᠠᠭᠤ ᠬᠢᠭᠰᠡᠨ᠂ ᠪᠠᠰᠠ ᠶᠠᠭᠤ ᠬᠢᠬᠦ ᠪᠠᠨ ᠲᠣᠳᠣᠷᠬᠠᠢ ᠮᠡᠳᠡᠵᠦ᠂ ᠥᠩᠭᠡᠷᠡᠭᠰᠡᠨ ᠳᠤ ᠪᠢᠳᠡ | ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ | ᠴᠢᠳᠠᠬᠤ ᠪᠠᠨ ᠲᠣᠳᠣᠷᠬᠠᠢ ᠣᠶᠢᠯᠠᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠶᠣᠯ ᠤᠨ | ᠤᠬᠠᠮᠰᠠᠷ ᠢᠶᠠᠨ ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ | ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠲᠡᠦᠬᠡ ᠶᠢᠨ ᠤᠬᠢ | ᠱᠦᠯᠳᠤ ᠶᠢ ᠰᠢᠩᠬᠡᠬᠡᠵᠤ᠂ ᠤᠨᠤᠯ ᠤᠨ ᠰᠢᠨ᠎ᠡ ᠶᠢ ᠡᠬᠦᠳᠬᠦ ᠶᠢ ᠠᠬᠢᠭᠤᠯᠵᠤ᠂ ᠳᠤᠮᠳᠠᠳᠤ ᠤᠯᠤᠰ ᠤᠨ ᠡᠷᠳᠡᠮ | ᠰᠢᠨᠵᠢᠯᠡᠭᠡᠨ ᠢ ᠨᠡᠩ ᠰᠠᠶᠢᠲᠤᠷ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠤᠯᠤᠰ ᠤᠨ ᠤᠨᠤᠯ ᠢ ᠬᠥᠭᠵᠢᠭᠦᠯᠵᠦ᠂ | ᠳᠤᠮᠳᠠᠳᠤ ᠤᠯᠤᠰ ᠤᠨ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠤᠶᠤᠨ ᠰᠠᠨᠠᠭᠠᠨ ᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠮᠠᠨ ᠤ ᠡᠨᠡ ᠦᠶ᠎ᠡ ᠶᠢᠨ ᠬᠥᠮᠦᠰ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ | ᠨᠡᠮᠡᠷᠢᠯᠡᠵᠦ᠂ ᠮᠠᠨ ᠤ ᠡᠨᠡ ᠦᠶ᠎ᠡ ᠶᠢᠨ ᠬᠥᠮᠦᠰ ᠤᠨ ᠢᠶᠠᠨ ᠠᠮᠵᠢᠯᠲᠠ ᠪᠦᠲᠦᠮᠵᠢ ᠪᠣᠯᠤᠨ ᠦᠩᠭᠡ ᠭᠡᠷᠡᠯ ᠢ ᠡᠭᠦᠳᠬᠦ | ᠬᠡᠷᠡᠭᠲᠡᠢ ᠬᠡᠵᠤ ᠵᠢᠭᠠᠵᠤ ᠭᠠᠷᠭᠠᠪᠠ᠃ | ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠪᠠᠷ ᠭᠤᠣᠯ ᠰᠡᠳᠦᠪ ᠪᠣᠯᠭᠠᠵᠤ᠂ ᠦᠵᠡᠯ ᠰᠠᠨᠠᠭᠠᠨ ᠤ ᠲᠡᠦᠬᠡ ᠪᠠᠷ ᠦᠨᠳᠦᠰᠦᠨ ᠰᠦᠪᠡᠭᠴᠢ | ᠪᠣᠯᠭᠠᠵᠤ᠂ 1840 ᠣᠨ ᠤ ᠬᠠᠷ᠎ᠠ ᠲᠠᠮᠠᠬᠢ ᠶᠢᠨ ᠲᠠᠶᠢᠨ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠬᠤ ᠴᠢᠬᠤᠯᠠ ᠲᠤᠯᠭᠤᠷ ᠪᠢᠴᠢᠭ ᠢ ᠰᠣᠩᠭᠤᠨ ᠤᠷᠤᠭᠤᠯᠵᠤ᠂ ᠳᠤᠮᠳᠠᠳᠤ | ᠤᠯᠤᠰ ᠤᠨ ᠡᠪ ᠬᠠᠮᠲᠤᠴᠤᠳ ᠢᠶᠠᠷ ᠲᠥᠯᠥᠭᠡᠯᠡᠭᠦᠯᠦᠭᠰᠡᠨ ᠳᠤᠮᠳᠠᠳᠤ ᠶᠢᠨ ᠰᠢᠯᠢᠳᠡᠭ ᠬᠥᠪᠡᠭᠦᠳ ᠥᠬᠢᠳ ᠤᠨ | ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠢ | ᠪᠡᠶᠡᠯᠡᠬᠦᠯᠬᠦ ᠶᠢᠨ ᠲᠦᠯᠤᠬᠡ ᠴᠥᠬᠦᠷᠡᠰᠢ ᠦᠭᠡᠢ ᠡᠷᠢᠯᠬᠢᠯᠡᠵᠦ᠂ ᠨᠤᠭᠤᠷᠠᠰᠢ ᠦᠭᠡᠢ ᠲᠡᠮᠡᠴᠡᠭᠰᠡᠨ ᠲᠡᠦᠭᠡᠨ ᠤᠯᠠ | ᠮᠥᠷ ᠢ ᠪᠦᠬᠦ ᠲᠠᠯ᠎ᠠ ᠪᠠᠷ ᠬᠦᠤᠷᠨᠢᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠬᠢᠴᠠ ᠶᠢ ᠨᠥᠯᠥᠭᠡᠯᠡᠭᠰᠡᠨ᠂ ᠴᠠᠭ | ᠦᠶ᠎ᠡ ᠶᠢᠨ ᠳᠠᠪᠰᠢᠯᠲᠠ ᠶᠢ ᠬᠥᠲᠥᠯᠥᠨ ᠳᠠᠭᠠᠭᠤᠯᠤᠬᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠠᠬᠢᠭᠤᠯᠤᠭᠰᠠᠨ ᠦᠵᠡᠯ ᠰᠠᠨᠠᠭᠠᠨ ᠤ ᠦᠷ᠎ᠡ ᠪᠦᠲᠦᠭᠡᠯ ᠢ ᠲᠦᠪᠯᠡᠷᠡᠩᠬᠦᠢ ᠬᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠬᠤ ᠲᠡᠦᠬᠡᠨ ᠯᠣᠭᠢᠭ᠂ ᠦᠵᠡᠯ ᠰᠠᠨᠠᠭᠠᠨ ᠤ | ᠡᠬᠢ ᠰᠤᠷᠪᠤᠯᠵᠢ ᠪᠠ ᠰᠣᠶᠣᠯ ᠤᠨ ᠰᠤᠳᠠᠰᠤ ᠶᠢ ᠬᠦᠨᠵᠡᠬᠡᠢ ᠢᠯᠡᠷᠡᠬᠦᠯᠪᠠ᠃ ︽ᠰᠡᠷᠭᠦᠨ ᠮᠠᠨᠳᠤᠯᠲᠠ ᠵᠤᠬᠢᠶᠠᠯ ᠤᠨ | ᠬᠥᠮᠥᠷᠭᠡ︾ ᠨᠢ ᠨᠡᠶᠢᠲᠡ ᠲᠠᠪᠤᠨ ᠪᠤᠳᠢ ᠪᠠᠶᠢᠵᠦ᠂ ᠡᠭᠦᠨ ᠳᠤ ᠨᠢᠭᠡᠳᠦᠭᠡᠷ ᠠᠴᠠ ᠭᠤᠷᠪᠠᠳᠤᠭᠠᠷ ᠪᠤᠳᠢ ᠶᠢ ᠣᠶᠢᠷ᠎ᠠ ᠳᠤ | ᠬᠡᠪᠯᠠᠭᠦᠯᠦᠨ ᠲᠠᠷᠬᠠᠭᠠᠬᠤ ᠪᠤᠯᠤᠨ᠎ᠠ᠃ | | |