ᠮᠠᠨ ᠤ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/29
       9 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠲᠤᠰᠬᠠᠢ ᠠᠵᠢᠯᠯᠠᠬᠤ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠦᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠪᠠᠨ ᠪᠠᠶᠢᠷᠢᠯᠠᠭᠤᠯᠪᠠ᠃ ᠳᠠᠯᠠᠶᠢᠪᠠᠲᠤ᠂ ᠲᠢᠶᠡᠨ ᠹᠧᠩ ᠯᠢᠨ᠂ ᠳ᠋ᠦ᠋ ᠴᠧᠩ᠂ ᠴᠧᠨ ᠫᠧᠩ᠂ ᠳ᠋ᠢᠩ ᠸᠠᠨ ᠶᠦᠩ᠂ ᠵᠠᠩ ᠢᠦᠢ ᠱᠤ᠋᠂ ᠤᠯᠠᠭᠠᠨᠲᠤᠶᠠᠭ᠎ᠠ᠂ ᠦᠷᠭᠡᠨ᠂ ᠵᠸᠦ ᠬᠠᠢ ᠯᠢᠩ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠡᠯ᠎ᠡ ᠰᠣᠮᠣ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
       ᠪᠦᠬᠡᠪᠠᠶᠠᠷ ᠴᠢᠩᠭᠠᠳᠬᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯᠳᠤᠬᠤ ᠪᠠᠷ ᠪᠠᠶᠢᠭ᠎ᠠ ᠡᠷᠡᠨ ᠳᠤ᠂ ᠡᠯ᠎ᠡ ᠰᠣᠮᠣ ᠪᠠᠯᠭᠠᠰᠤ᠂ ᠰᠠᠯᠠᠭ᠎ᠠ ᠮᠦᠴᠢᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠬᠦᠪᠴᠢ ᠶᠢ ᠴᠠᠭ ᠢᠮᠠᠭᠲᠠ ᠴᠢᠩᠭ᠎ᠠ ᠠᠳᠬᠤᠬᠤ ᠬᠡᠷᠡᠭᠲᠡᠢ ᠭᠡᠵᠡᠢ᠃        ᠪᠦᠬᠡᠪᠠᠶᠠᠷ ᠪᠠᠰᠠ᠂ ᠠᠵᠢᠯ ᠤᠨ ᠠᠷᠭ᠎ᠠ ᠪᠠᠷᠢᠯ ᠢᠶᠠᠨ ᠤᠯᠠᠮ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠪᠠ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠪᠦᠬᠦᠨ ᠬᠦᠴᠦᠨ ᠢᠶᠠᠷ ᠰᠠᠶᠢᠲᠤᠷ ᠬᠢᠵᠦ᠂ ᠲᠤᠰ ᠤᠳᠠᠭᠠᠨ ᠤ ᠬᠤᠷᠠᠯ ᠢᠶᠠᠷ ᠠᠵᠠ ᠳᠣᠬᠢᠶᠠᠯ ᠪᠣᠯᠭᠠᠨ᠂ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠬᠠᠷᠢᠭᠤᠴᠠᠯᠭ᠎ᠠ ᠶᠢᠨ ᠲᠠᠯ᠎ᠠ ᠪᠠᠷ ᠪᠠᠲᠤ ᠴᠣᠭᠴᠠᠯᠠᠵᠤ᠂ ᠪᠦᠬᠦ ᠬᠤᠰᠢᠭᠤᠨ ᠤ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃                             ᠰᠤᠷᠪᠤᠯᠵᠢᠯᠠᠭᠴᠢ᠄ ᠰᠣᠯᠣᠩᠭᠤᠸ᠎ᠠ  ᠵᠢᠶᠣᠤ ᠵᠢᠶᠣᠤ  ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号