ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 12 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/30
       ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠵᠢᠴᠢ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠣᠯᠠᠰᠢᠷᠠᠵᠤ ᠪᠠᠶᠢᠬᠤ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠥᠷᠭᠡᠨ ᠤᠯᠠᠨ ᠺᠠᠳ᠋ᠷ ᠤᠯᠠᠨ ᠲᠦᠮᠡᠨ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠦᠨᠡᠨᠬᠦ ᠭᠠᠳᠠᠭᠰᠢ ᠭᠠᠷᠬᠤ ᠴᠢᠬᠤᠯᠠᠲᠠᠢ ᠪᠣᠯ᠂ ᠬᠤᠪᠢ ᠬᠥᠮᠥᠨ ᠤ ᠰᠡᠷᠭᠡᠶᠢᠯᠡᠯᠲᠡ ᠶᠢ ᠰᠠᠶᠢᠲᠤᠷ ᠬᠢᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤᠨ ᠤ ᠵᠢᠯᠤᠭᠤᠳᠬᠤ ᠭᠠᠵᠠᠷ ᠤᠨ 11 ᠳ᠋ᠦ᠋ᠭᠡᠷ ᠲᠣᠭᠠᠲᠤ ᠠᠯᠪᠠᠨ ᠵᠠᠷᠯᠠᠯ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠣᠳᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠥᠬᠦᠪᠦᠷᠢᠯᠡᠨ ᠵᠠᠷᠯᠠᠶ᠎ᠠ᠄        ᠨᠢᠭᠡ᠂ ᠲᠣᠰ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠢ︶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠳᠠᠯᠳᠤᠭ᠎ᠠ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠲᠠᠯᠠᠪᠤᠷ ᠭᠠᠵᠠᠷ᠂ ᠦᠰᠦ ᠵᠠᠰᠠᠬᠤ ᠤᠬᠢᠶᠠᠯᠭ᠎ᠠ᠂ ᠲᠦᠷᠭᠡᠨ ᠬᠦᠷᠭᠡᠯᠲᠡ ᠵᠠᠬᠢᠶᠠᠯᠠᠭ᠎ᠠ ᠶᠢᠨ ᠬᠤᠭᠤᠯᠠ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠤᠨ ᠠᠵᠢᠯᠲᠠᠨ ᠵᠢᠴᠢ ᠲᠡᠷᠭᠡᠨ ᠥᠷᠲᠡᠭᠡ᠂ ᠵᠠᠰᠠᠵᠤ ᠴᠢᠮᠡᠭᠯᠡᠬᠦ ᠠᠴᠢᠬᠤ ᠪᠠᠭᠤᠯᠭᠠᠬᠤ ᠦᠢᠯᠡᠴᠢᠯᠡᠭᠡ᠂ ᠵᠠᠮ ᠲᠡᠭᠡᠭᠡᠪᠦᠷᠢ ᠶᠢᠨ ᠦᠢᠯᠡᠴᠢᠯᠡᠭᠡ᠂ ᠪᠢᠲᠡᠭᠦᠮᠵᠢᠯᠡᠭᠰᠡᠨ ᠲᠠᠯᠠᠪᠤᠷ ᠭᠠᠵᠠᠷ ᠪᠠ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ᠂ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠠᠵᠢᠯᠲᠠᠨ ᠵᠢᠴᠢ ᠪᠣᠭᠤᠮᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠲᠠᠨ᠂ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠬᠤ ᠡᠭᠦᠳᠡᠨ ᠡᠮᠨᠡᠯᠭᠡ ᠠᠴᠠ ᠪᠤᠰᠤᠳ ᠰᠠᠯᠠᠭ᠎ᠠ ᠲᠠᠰᠤᠭ ᠤᠨ ᠠᠵᠢᠯᠲᠠᠳ 2 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠰᠡᠷᠭᠡᠭ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃        ᠬᠤᠶᠠᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠥᠬᠦ ᠪᠠᠭᠰᠢ ᠠᠵᠢᠯᠲᠠᠨ ᠠᠵᠢᠯᠴᠢᠨ ᠪᠣᠯᠣᠨ ᠰᠤᠷᠤᠭᠴᠢᠳ ᠲᠤ ᠡᠳᠦᠷ ᠪᠦᠷᠢ 20% ᠶᠢᠨ ᠰᠤᠭᠤᠴᠢᠨ ᠪᠠᠶᠢᠴᠠᠭᠠᠯᠲᠠ ᠬᠢᠵᠦ᠂ ᠨᠢᠭᠡ ᠭᠠᠷᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃        ᠭᠤᠷᠪᠠ᠂ ᠡᠯ᠎ᠡ ᠱᠠᠲᠤᠨ ᠤ ᠡᠯ᠎ᠡ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠭᠠᠵᠠᠷ ᠲᠤ ︽ᠨᠢᠭᠡ ᠺᠣᠳ᠋ ᠢᠶᠠᠷ ᠨᠡᠪᠲᠡᠷᠡᠬᠦ︾ ᠲᠠᠯᠠᠪᠤᠷ ᠭᠠᠵᠠᠷ ᠤᠨ ᠺᠣᠳ᠋ ᠰᠢᠷᠪᠢᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠨᠢᠭᠡ ᠮᠧᠲᠷ ᠤᠨ ᠱᠤᠭᠤᠮ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃        ᠳᠥᠷᠪᠡ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠢ ᠵᠠᠷᠯᠠᠨ ᠰᠢᠭᠦᠮᠵᠢᠯᠡᠬᠦ ᠵᠢᠴᠢ ᠬᠠᠮᠢᠶ᠎ᠠ ᠪᠦᠬᠦᠢ ᠰᠢᠢᠳᠬᠡᠯ ᠥᠭᠬᠦ ᠬᠡᠷᠡᠭᠲᠡᠢ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠠᠴᠠ ᠬᠠᠷᠢᠭᠤᠴᠠᠯᠭᠠᠲᠠᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃        ᠲᠠᠪᠤ᠂ ᠮᠠᠨ ᠤ ᠬᠤᠰᠢᠭᠤ ᠣᠶᠢᠷ᠎ᠠ ᠶᠢᠨ ᠬᠤᠭᠤᠴᠠᠭᠠᠨ ᠳᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠰᠣᠷᠢᠯᠲᠠ ᠥᠷᠨᠢᠭᠦᠯᠬᠦ ᠪᠠᠷ ᠲᠥᠯᠥᠪᠯᠡᠵᠦ ᠪᠤᠢ᠂ ᠬᠠᠮᠢᠶ᠎ᠠ ᠪᠦᠬᠦᠢ ᠤᠴᠢᠷ ᠢ ᠳᠠᠬᠢᠨ ᠮᠡᠳᠡᠭᠳᠡᠬᠦ ᠪᠣᠯᠣᠨ᠎ᠠ᠂ ᠲᠤᠬᠠᠢ ᠶᠢᠨ ᠴᠠᠭ ᠲᠤ ᠥᠷᠭᠡᠨ ᠣᠯᠠᠨ ᠺᠠᠳ᠋ᠷ ᠣᠯᠠᠨ ᠲᠦᠮᠡᠨ ᠵᠢᠴᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠳ ᠰᠣᠷᠢᠯᠲᠠ ᠶᠢᠨ ᠱᠠᠭᠠᠷᠳᠠᠯᠭ᠎ᠠ ᠶᠣᠰᠣᠭᠠᠷ ᠰᠣᠷᠢᠯᠲᠠ ᠶᠢᠨ ᠡᠭᠦᠷᠭᠡ ᠶᠢ ᠬᠠᠮᠵᠢᠯᠴᠠᠨ ᠪᠡᠶᠡᠯᠡᠭᠦᠯᠬᠦ ᠶᠢ ᠬᠦᠰᠡᠵᠦ ᠪᠠᠶᠢᠨ᠎ᠠ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2022 ᠣᠨ ᠤ 9 ᠰᠠᠷ᠎ᠠ ᠶᠢᠨ 29 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号