ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠪᠦᠭᠦᠳᠡ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠵᠦ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/9/5
       9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠡᠷᠬᠢᠯᠡᠭᠴᠢ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠲᠥᠰᠥᠯ ᠢ ᠵᠥᠪᠰᠢᠶᠡᠷᠡᠵᠦ᠂ ᠬᠤᠯᠪᠣᠭᠳᠠᠯ ᠪᠦᠬᠦᠢ ᠬᠥᠬᠢᠭᠦᠯᠦᠨ ᠰᠠᠶᠢᠰᠢᠶᠠᠬᠤ ᠪᠠ ᠰᠢᠯᠭᠠᠨ ᠦᠨᠡᠯᠡᠬᠦ ᠵᠦᠢᠯᠡᠰ ᠢ ᠰᠤᠳᠤᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃        ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠸᠠᠩ ᠯᠢ ᠰᠢᠶᠠ᠂ ᠶᠠᠩ ᠸᠧᠢ ᠳ᠋ᠦᠩ᠂ ᠵᠡᠩ ᠬᠤᠩ ᠹᠠᠨ᠂ ᠳ᠋ᠢᠩ ᠰᠢᠦ ᠹᠧᠩ᠂ ᠬᠤᠸᠠᠩ ᡁᠢ ᠴᠢᠶᠠᠩ ᠢᠦᠢ ᠯᠢ ᠰᠢᠨ᠂ ᠠᠢ ᠯᠢ ᠬᠤᠸᠠ᠂ ᠪᠣᠣ ᠰᠢᠶᠠᠨ ᠬᠤᠸᠠ᠂ ᠵᠡᠩ ᠭᠤᠸᠠᠩ ᠵᠤᠤ ᠪᠣᠯᠣᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号