ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ | ᠭᠠᠵᠠᠷ ᠲᠤ ᠪᠤᠰᠤᠳ ᠬᠥᠮᠦᠨ ᠤ ᠰᠠᠭᠤᠭᠰᠠᠨ ︽ᠬᠠᠯᠠᠭᠤᠨ ᠰᠠᠨᠳᠠᠯᠢ︾ ᠲᠡᠭᠡᠷ᠎ᠡ ᠰᠠᠭᠤᠬᠤ ᠨᠢ ᠵᠠᠶᠢᠯᠠᠰᠢ ᠦᠭᠡᠢ | ᠶᠤᠮ᠃ ᠡᠭᠦᠨ ᠳᠤ ᠶᠠᠭᠤ ᠶᠢ ᠠᠩᠬᠠᠷᠪᠠᠯ ᠵᠣᠬᠢᠬᠤ ᠪᠣᠶ︖ | ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ | ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠬᠡᠷᠪᠡ ᠨᠢᠭᠡ | ᠬᠥᠮᠦᠨ ᠤ ᠠᠷᠠᠰᠤ ᠬᠦᠷᠦᠰᠤ ᠨᠢ ᠪᠦᠷᠢᠨ ᠪᠦᠲᠦᠨ ᠪᠠᠶᠢᠪᠠᠯ᠂ ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ | ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ ᠶᠤᠮ᠃ ᠭᠡᠪᠡᠴᠦ ᠵᠠᠷᠢᠮ | ᠡᠪᠡᠳᠴᠢᠨ ᠡᠭᠦᠰᠭᠡᠭᠴᠢ᠂ ᠵᠢᠱᠢᠶᠡᠯᠡᠪᠡᠯ ᠰᠡᠷᠬᠡᠨᠦᠳ᠂ ᠠᠷᠠᠰᠤᠨ ᠤ ᠡᠷᠢᠬᠡᠯᠢᠭ ᠪᠠᠺᠲ᠋ᠧᠷᠢ ᠂ ᠬᠠᠮᠠᠭᠤ᠂ ᠢᠯᠢᠳᠦ | ᠵᠡᠷᠭᠡ ᠶᠢᠨ ᠡᠪᠡᠳᠴᠢᠨ ᠭᠡᠮ ᠲᠠᠢ ᠡᠪᠡᠳᠴᠢᠲᠡᠨ ᠤ ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ | ᠨᠥᠬᠦᠴᠡᠯ ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ | ᠠᠷᠠᠰᠤᠨ ᠳᠤ ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃ | ᠬᠠᠯᠠᠭᠤᠨ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ | ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ | ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ ᠭᠤᠷᠪᠠᠨ ᠵᠦᠢᠯ ᠪᠠᠶᠢᠳᠠᠭ᠄ | ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠬᠠᠯᠠᠭᠤᠨ ᠰᠠᠨᠳᠠᠯᠢ ᠲᠡᠭᠡᠷ᠎ᠡ | ᠰᠠᠭᠤᠬᠤ ᠨᠢ ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ | ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ | ᠴᠠᠬᠢᠯᠭᠠᠨ ᠱᠠᠲᠤ ᠪᠠ ᠭᠠᠵᠠᠷ ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ | ᠣᠯᠠᠨ ᠨᠡᠶᠢᠲᠡ ᠶᠢᠨ ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ ᠵᠣᠷᠯᠣᠩ ᠢ ᠠᠯᠢ | ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠂ ᠣᠴᠦ᠋ᠢᠵᠤ ᠰᠠᠭᠤᠬᠤ ᠨᠦᠬᠡ ᠲᠠᠢ ᠵᠣᠷᠯᠣᠩ ᠢ ᠰᠣᠩᠭᠤᠵᠤ᠂ | ᠰᠢᠭᠤᠳ ᠠᠷᠠᠰᠤ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃ | | |