ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 15 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/9/8
     9 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 15 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ 9 ᠰᠠᠷ᠎ᠠ ᠶᠢᠨ 5 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠰᠦᠨ ᠱᠤᠤ ᠴᠧᠩ ᠨᠥᠬᠦᠷ ᠤᠨ ᠶᠠᠷᠢᠶᠠᠨ ᠤ ᠱᠠᠭᠠᠷᠳᠠᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠰᠦᠨ ᠱᠤᠤ ᠴᠧᠩ ᠨᠥᠬᠦᠷ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠤᠷᠲᠠᠯ ᠢᠶᠠᠨ ᠰᠠᠶᠢᠵᠢᠷᠠᠭᠤᠯᠬᠤ ᠶᠢ ᠴᠢᠩᠭᠠᠳᠬᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠠᠰᠠᠭᠤᠳᠠᠯ ᠢ ᠣᠨᠣᠪᠴᠢᠲᠠᠢ ᠵᠢᠭᠠᠨ ᠭᠠᠷᠭᠠᠵᠤ᠂ ᠠᠮᠢᠨ ᠭᠠᠵᠠᠷ ᠢ ᠨᠢ ᠣᠨᠣᠭᠠᠵᠠᠢ᠂ ᠡᠨᠡ ᠪᠤᠯ ᠪᠦᠬᠦ ᠣᠷᠣᠨ ᠤ ᠠᠵᠢᠯ ᠤᠨ ᠰᠤᠷᠲᠠᠯ ᠤᠨ ᠲᠤᠬᠠᠢ ᠨᠢᠭᠡ ᠤᠳᠠᠭ᠎ᠠ ᠶᠢᠨ ᠪᠠᠶᠢᠴᠠᠭᠠᠯᠳᠠ ᠪᠣᠯᠤᠨ᠎ᠠ︔ ᠳᠤᠬᠢᠷᠠᠭᠤᠯᠤᠯᠳᠠ ᠪᠠᠶᠢᠷᠢᠯᠠᠭᠤᠯᠤᠯᠲᠠ ᠨᠢ ᠮᠠᠰᠢ ᠲᠣᠳᠣᠷᠬᠠᠶ᠂ ᠮᠠᠰᠢ ᠪᠣᠳᠠᠲᠠᠶ ᠪᠠᠶᠢᠵᠤ᠂ ᠰᠤᠷᠲᠠᠯ ᠢ ᠤᠯᠠᠮ ᠴᠢᠨᠠᠬᠰᠢᠳᠠ ᠴᠢᠩᠭᠠᠳᠬᠠᠨ ᠰᠠᠶᠢᠵᠢᠷᠠᠭᠤᠯᠬᠤ ᠨᠢᠭᠡ ᠤᠳᠠᠭᠠᠨ ᠤ ᠳᠠᠶᠢᠴᠢᠯᠠᠯᠲᠠ ᠪᠣᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠤᠳᠤᠷᠢᠳᠬᠤ ᠺᠠᠳ᠋ᠷᠴᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠢᠭᠡ ᠠᠴᠠ ᠵᠦᠶ᠋ᠴᠢᠯᠡᠨ ᠨᠥᠭᠦᠭᠡ ᠶᠢ ᠮᠡᠳᠡᠬᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠥᠪᠡᠷ ᠢ ᠪᠠᠨ ᠪᠠᠭᠲᠠᠭᠠᠵᠤ᠂ ᠠᠵᠢᠯ ᠢᠶᠠᠨ ᠪᠠᠭᠲᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠪᠠᠭᠲᠠᠭᠠᠵᠤ᠂ ᠬᠦᠷᠦᠯᠴᠡᠬᠦ ᠥᠬᠡᠶ ᠲᠠᠯ᠎ᠠ ᠪᠠᠨ ᠨᠠᠷᠢᠨ ᠬᠢᠨᠠᠮᠠᠭᠠᠶ ᠪᠠᠶᠢᠴᠠᠭᠠᠵᠤ᠂ ᠵᠥᠷᠢᠶ᠎ᠡ ᠪᠠᠨ ᠨᠢᠭᠡᠳ ᠨᠢᠭᠡ ᠪᠠᠷ ᠡᠷᠢᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠪᠠᠭ ᠤᠨ ᠪᠦᠷᠢᠯᠳᠦᠬᠦᠨ ᠨᠡᠷ ᠴᠢᠩᠭ᠎ᠠ ᠪᠠᠷᠢᠮᠵᠢᠶᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠳᠡᠯᠭᠡᠵᠦ᠂ ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠦᠨᠡᠨ ᠬᠦ ᠬᠠᠷᠢᠭᠤᠴᠠᠯᠭ᠎ᠠ ᠡᠭᠦᠷᠭᠡᠯᠡᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠬᠦᠢᠴᠡᠳᠬᠡᠵᠥ ︽ᠡᠷᠬᠢᠨ ᠬᠠᠷᠠᠵᠤ︾᠂ ᠳᠡᠭᠡᠷ᠎ᠡ ᠠᠴᠠ ᠳᠣᠷᠣᠭᠰᠢ ᠠᠵᠢᠯ ᠢᠶᠠᠨ ᠬᠦᠲᠦᠯᠦᠨ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠢᠨ ᠲᠦᠷᠦᠭᠦᠯᠡᠨ ᠥᠯᠢᠭᠡᠷ ᠦᠵᠡᠬᠦᠯᠵᠥ᠂ ᠵᠣᠬᠢᠴᠠᠭᠤᠯᠤᠨ ᠱᠠᠯᠠᠪᠳᠠᠭᠤᠯᠤᠨ ᠭᠦᠶ᠋ᠴᠡᠳᠭᠡᠬᠦ ᠡᠷᠴᠢᠮ ᠢᠶᠠᠨ ᠴᠢᠩᠭᠠᠷᠠᠭᠤᠯᠤᠨ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠬᠡᠷᠡᠭᠳᠡᠢ ᠭᠡᠵᠥ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号