ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠤᠯᠭ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/1/10
      ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠢᠦᠢ ᠴᠢᠩᠡᠦ᠋ᠨᠡᠨ᠂ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 11 ᠰᠠᠷ᠎ᠠ ᠳᠤ ᠲᠦᠷᠦᠵᠡᠢ᠂ ᠶᠡᠭᠡ ᠰᠤᠷᠭᠠᠭᠤᠯᠢ ᠶᠢᠨ ᠵᠢᠩᠭᠢᠨᠢ ᠠᠩᠬᠢ ᠶᠢᠨ ᠰᠤᠷᠣᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠥ ᠶᠢᠨ ᠵᠥᠪᠯᠡᠯᠭᠡᠨ ᠲᠠᠢ ᠬᠠᠷᠢᠯᠴᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠵᠥᠪᠯᠡᠯ ᠤᠨ ᠠᠯᠪᠠᠨ ᠭᠡᠷ ᠢ ᠬᠤᠪᠢᠳᠠᠨ ᠬᠠᠮᠢᠶᠠᠷᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠬᠦ ᠲᠠᠯ᠎ᠠ ᠶᠢᠨ ᠠᠵᠢᠯ ᠢ ᠵᠣᠬᠢᠴᠠᠭᠤᠯᠤᠨ᠎ᠠ᠃
       ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠺᠠᠩ ᠰᠢᠦ ᠮᠢᠨ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 7 ᠰᠠᠷ᠎ᠠ ᠳᠤ ᠲᠦᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠡᠮ ᠡᠮᠨᠡᠯᠭᠡ ᠶᠢᠨ ᠦᠭᠡᠷᠡᠴᠢᠯᠡᠯᠲᠡ᠂ ᠡᠮ ᠡᠮᠨᠡᠯᠭᠡ ᠶᠢᠨ ᠦᠭᠡᠷᠡᠴᠢᠯᠡᠯᠲᠡ ᠶᠢ ᠬᠢᠨᠠᠨ ᠬᠡᠮᠵᠢᠬᠦ᠂ ᠡᠮ ᠡᠮᠨᠡᠯᠭᠡ ᠶᠢᠨ ᠬᠠᠮᠢᠶᠠᠷᠤᠯᠲᠠ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ᠂ ᠡᠮ ᠤᠨ ᠵᠦᠢᠯ ᠤᠨ ᠲᠦᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠬᠠᠮᠢᠶᠠᠷᠤᠯᠲᠠ᠂ ᠬᠠᠥᠯᠢ ᠪᠠᠷ ᠵᠠᠰᠠᠬᠤ ᠪᠠ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠠᠵᠢᠯ ᠢ ᠬᠤᠪᠢᠳᠠᠨ ᠬᠠᠷᠢᠭᠤᠴᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠬᠢᠵᠦ ᠬᠠᠥᠯᠢ ᠬᠡᠷᠡᠭᠵᠢᠭᠦᠯᠬᠦ ᠲᠣᠪᠴᠢᠶ᠎ᠡ ᠶᠢ ᠬᠠᠷᠠᠭᠠᠯᠵᠠᠭᠤᠯᠤᠨ ᠬᠤᠪᠢᠳᠠᠨ ᠬᠠᠮᠢᠶᠠᠷᠤᠨ᠎ᠠ᠃
     ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠᠩ ᠯᠸᠢ ᠬᠤᠩ᠂ ᠡᠮᠡᠭᠲᠡᠢ᠂ ᠬᠢᠲᠠᠳ ᠦᠨᠳᠦᠰᠦᠲᠡᠨ᠂ 1987 ᠣᠨ ᠤ 11 ᠰᠠᠷ᠎ᠠ ᠳᠤ ᠲᠦᠷᠦᠵᠡᠢ᠂ ᠶᠡᠭᠡ ᠰᠤᠷᠭᠠᠭᠤᠯᠢ ᠶᠢᠨ ᠵᠢᠩᠭᠢᠨᠢ ᠠᠩᠬᠢ ᠶᠢᠨ ᠰᠤᠷᠣᠯᠭ᠎ᠠ ᠶᠢᠨ ᠨᠠᠮᠲᠠᠷ ᠲᠠᠢ᠂ ᠪᠡᠯᠡᠳᠬᠡᠯ ᠨᠠᠮ ᠤᠨ ᠭᠡᠰᠢᠭᠦᠨ᠃ ᠡᠬᠡ ᠨᠢᠯᠬᠠᠰ ᠤᠨ ᠡᠷᠡᠭᠦᠯ ᠮᠡᠨᠳᠦ ᠶᠢᠨ ᠲᠠᠰᠤᠭ᠂ ᠭᠡᠷ ᠪᠦᠯᠢ ᠶᠢᠨ ᠬᠦᠭᠵᠢᠯᠲᠡ ᠶᠢᠨ ᠲᠠᠰᠤᠭ᠂ ᠡᠷᠡᠭᠦᠯ ᠡᠩᠬᠡ ᠰᠢᠨ᠎ᠡ ᠪᠠᠷᠭᠤ ᠪᠠᠷᠠᠭᠤᠨ ᠬᠤᠰᠢᠭᠤ ᠶᠢ ᠲᠦᠯᠬᠢᠨ ᠠᠬᠢᠭᠤᠯᠬᠤ ᠵᠥᠪᠯᠡᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠲᠦᠯᠦᠪᠯᠡᠭᠡᠲᠦ ᠦᠷᠡᠵᠢᠯ ᠤᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠦᠭᠵᠢᠯᠲᠡ ᠶᠢᠨ ᠲᠥᠪ᠂ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠠᠯᠳ᠋ᠬᠠᠮᠡᠭᠡᠯ ᠪᠠᠯᠭᠠᠰᠤ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠯ᠎ᠡ ᠰᠣᠮᠣ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠷᠠᠭᠠᠯᠵᠠᠭᠤᠯᠤᠨ ᠬᠤᠪᠢᠳᠠᠨ ᠬᠠᠮᠢᠶᠠᠷᠤᠨ᠎ᠠ᠃
     ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠨ ᠤᠶᠤᠨᠴᠢᠮᠡᠭ᠂ ᠡᠮᠡᠭᠲᠡᠢ᠂ ᠮᠣᠩᠭᠤᠯ ᠦᠨᠳᠦᠰᠦᠲᠡᠨ᠂ 1980 ᠣᠨ ᠤ 5 ᠰᠠᠷ᠎ᠠ ᠳᠤ ᠲᠦᠷᠦᠵᠡᠢ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ᠂ ᠠᠯᠪᠠᠨ ᠭᠡᠷ ︵ᠠᠵᠢᠯᠲᠠᠨ ᠤ ᠶᠠᠪᠤᠳᠠᠯ︶᠂ ᠡᠳ᠋ ᠤᠨ ᠶᠠᠪᠤᠳᠠᠯ᠂ ᠶᠠᠳᠠᠭᠤ ᠶᠢ ᠲᠡᠳᠬᠦᠬᠦ ︵ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ︶᠂ ᠠᠶᠤᠯᠭᠦᠢ ᠦᠢᠯᠡᠳᠪᠦᠷᠢᠯᠡᠯ᠂ ᠠᠵᠢᠯᠴᠢᠨ ᠵᠠᠯᠠᠭᠤᠴᠤᠳ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠠᠵᠢᠯ ᠪᠠ ᠠᠬᠠᠮᠠᠳ ᠺᠠᠳ᠋ᠷ ᠤᠨ ᠠᠵᠢᠯ᠂ ᠬᠤᠶᠢᠴᠢ ᠦᠶ᠎ᠡ ᠶᠢ ᠬᠠᠯᠠᠮᠵᠢᠯᠠᠬᠤ ᠵᠥᠪᠯᠡᠯ ᠤᠨ ᠠᠵᠢᠯ᠂ ᠬᠠᠥᠯᠢ ᠲᠦᠭᠡᠮᠡᠯᠵᠢᠭᠦᠯᠬᠦ᠂ ᠬᠠᠥᠯᠢ ᠶᠣᠰᠣᠭᠠᠷ ᠬᠤᠰᠢᠭᠤ ᠪᠠᠨ ᠵᠠᠰᠠᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠨᠢᠭᠡᠳᠦᠮᠡᠯ ᠹᠷᠤᠨᠲ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠰᠦᠯᠵᠢᠶᠡᠨ ᠤ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ᠂ ᠶᠡᠷᠦᠩᠬᠡᠶᠢᠯᠡᠭᠰᠡᠨ ᠵᠠᠰᠠᠯᠲᠠ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ︽ᠬᠤᠶᠠᠷ ᠢ ᠬᠦᠷᠢᠶᠡᠯᠡᠬᠦ︾ ᠠᠵᠢᠯ ᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号